ᠤᠷᠤᠭᠯᠠᠭᠰᠠᠨ ᠦᠨᠡᠮᠯᠡᠯ᠂ ᠤᠷᠤᠭ ᠰᠠᠯᠤᠭᠰᠠᠨ ᠦᠨᠡᠮᠯᠡᠯ ᠢ ᠨᠥᠬᠦᠵᠦ ᠠᠪᠬᠤ ᠨᠥᠬᠦᠴᠡᠯ
ᠨᠡᠶᠢᠲᠡᠯᠡᠭᠰᠡᠨ ᠴᠠᠭ᠄
2017/10/11
    ᠨᠢᠭᠡ᠂ ᠤᠷᠤᠭ ᠳᠠᠩᠰᠠᠯᠠᠬᠤ ᠭᠠᠵᠠᠷ ᠬᠠᠷᠢᠶᠠᠯᠠᠬᠤ ᠡᠷᠬᠡ ᠲᠠᠢ︔     ᠬᠤᠶᠠᠷ᠂ ᠲᠤᠬᠠᠶᠢᠲᠠᠢ ᠬᠥᠮᠦᠨ ᠤᠷᠤᠭᠯᠠᠬᠤ ᠪᠣᠶᠤ ᠤᠷᠤᠭ ᠰᠠᠯᠬᠤ ᠪᠠᠨ ᠬᠠᠦᠯᠢ ᠶᠣᠰᠤᠭᠠᠷ ᠳᠠᠩᠰᠠᠯᠠᠭᠤᠯᠬᠤ ᠳᠤ᠂ ᠡᠳᠦᠭᠡ ᠲᠣᠰ ᠪᠠᠶᠢᠳᠠᠯ ᠢ ᠮᠦᠨᠬᠦ ᠬᠡᠪ ᠢᠶᠠᠷ ᠨᠢ ᠪᠠᠶᠢᠯᠭᠠᠨ᠎ᠠ︔     ᠭᠤᠷᠪᠡ᠂ ᠲᠤᠬᠠᠶᠢᠲᠠᠢ ᠬᠥᠮᠦᠨ ᠳᠤ ᠤᠷᠤᠭ ᠳᠠᠩᠰᠠᠯᠠᠭᠤᠯᠬᠤ ᠲᠤᠬᠠᠶᠢᠲᠠᠢ ᠬᠥᠮᠦᠨ ᠤ ᠪᠠᠶᠢᠪᠠᠰᠦ ᠵᠣᠬᠢᠬᠤ ᠦᠨᠡᠮᠯᠡᠯ ᠪᠠᠶᠢᠬᠤ ᠬᠡᠷᠡᠭᠲᠡᠢ᠃    ᠳᠥᠷᠪᠡ᠂ ᠤᠷᠤᠭ ᠳᠠᠩᠰᠠᠯᠠᠬᠤ ᠪᠠᠶᠢᠭᠤᠯᠭ᠎ᠠ ᠳᠤ ᠲᠤᠬᠠᠶᠢᠲᠠᠢ ᠬᠥᠮᠦᠨ ᠪᠡᠶ᠎ᠡ ᠪᠠᠷ ᠢᠶᠠᠨ ᠬᠦᠷᠴᠦ ᠭᠤᠶᠤᠴᠢᠯᠠᠯ ᠢᠶᠠᠨ ᠳᠤᠷᠠᠳᠤᠨ᠂ ︽ᠣᠷᠤᠭ ᠳᠠᠩᠰᠠᠯᠠᠭᠤᠯᠤᠭᠰᠠᠨ ᠦᠨᠡᠮᠯᠡᠯ ᠭᠤᠶᠤᠴᠢᠯᠠᠨ ᠨᠥᠬᠦᠵᠦ ᠠᠪᠬᠤ ᠢᠯᠡᠷᠬᠡᠶᠢᠯᠡᠯᠲᠡ︾᠎ ᠶᠢ ᠲᠠᠭᠯᠠᠨ ᠪᠢᠴᠢᠨ᠎ᠡ᠃     ᠲᠠᠪᠤ᠂ ᠲᠤᠬᠠᠶᠢᠲᠠᠢ ᠬᠥᠮᠦᠨ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠤᠤᠯ ᠤᠨ ᠤᠷᠤᠭ ᠳᠠᠩᠰᠠᠯᠠᠭᠰᠠᠨ ᠪᠠᠶᠢᠭᠤᠯᠭ᠎ᠠ ᠳᠤ ᠬᠦᠷᠴᠦ ᠣᠷᠤᠭ ᠳᠠᠩᠰᠠᠯᠠᠭᠰᠠᠨ ᠦᠨᠡᠮᠯᠡᠯ ᠭᠤᠶᠤᠴᠢᠯᠠᠨ ᠨᠥᠬᠦᠵᠦ ᠠᠪᠴᠦ ᠳᠡᠶᠢᠯᠬᠦ ᠦᠭᠡᠢ ᠪᠣᠯ ᠪᠣᠰᠤᠳ ᠲᠤ ᠨᠠᠶᠢᠳᠠᠨ ᠭᠦᠢᠴᠡᠳᠬᠡᠯᠭᠡᠵᠦ ᠪᠣᠯᠣᠨ᠎ᠠ᠃ ᠨᠠᠶᠢᠳᠠᠨ ᠭᠦᠢᠴᠡᠳᠬᠡᠯᠭᠡᠬᠦ ᠳᠤ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠪᠠᠷ ᠭᠡᠷᠡᠴᠢᠯᠡᠭᠦᠯᠦᠭᠰᠡᠨ ᠲᠤᠬᠠᠶᠢᠲᠠᠢ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠ ᠨᠠᠶᠢᠳᠠᠯᠭ᠎ᠠ ᠶᠢᠨ ᠪᠢᠴᠢᠭ ᠢ ᠲᠣᠰᠢᠶᠠᠬᠤ ᠬᠡᠷᠡᠭᠲᠡᠢ᠃ ᠨᠠᠶᠢᠳᠠᠯᠭ᠎ᠠ ᠶᠢᠨ ᠪᠢᠴᠢᠭ ᠲᠤ ᠲᠤᠬᠠᠶᠢᠲᠠᠢ ᠬᠥᠮᠦᠨ ᠤ ᠤᠷᠤᠭ ᠤᠨ ᠳᠠᠩᠰᠠᠯᠠᠭᠤᠯᠤᠭᠰᠠᠨ ᠴᠠᠭ ᠬᠤᠭᠤᠴᠠᠭ᠎ᠠ ᠪᠠ ᠳᠠᠭᠠᠭᠠᠨ ᠬᠢᠭᠰᠡᠨ ᠪᠠᠶᠢᠭᠤᠯᠭ᠎ᠠ᠂ ᠣᠳᠣᠬᠢ ᠣᠷᠤᠭ ᠤᠨ ᠪᠠᠶᠢᠳᠠᠯ᠂ ᠨᠠᠶᠢᠳᠠᠭᠰᠠᠨ ᠤᠴᠢᠷ ᠰᠢᠯᠲᠠᠭᠠᠨ᠂ ᠨᠠᠶᠢᠳᠠᠯᠭ᠎ᠠ ᠬᠦᠯᠢᠶᠡᠭᠰᠡᠨ ᠬᠥᠮᠦᠨ ᠤ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠳ᠋ᠤᠭᠠᠷ ᠢ ᠲᠣᠳᠣᠷᠬᠠᠶᠢᠯᠠᠨ ᠪᠢᠴᠢᠬᠦ ᠬᠡᠷᠡᠭᠲᠡᠢ᠃ ᠨᠠᠶᠢᠳᠠᠯᠭ᠎ᠠ ᠬᠦᠯᠢᠶᠡᠭᠴᠢ ᠦᠪᠡᠷ ᠤᠨ ᠪᠡᠶ᠎ᠡ ᠶᠢᠨ ᠦᠨᠡᠮᠯᠡᠯ ᠢᠶᠠᠨ ᠵᠡᠷᠭᠡ ᠳᠤᠨᠢ ᠲᠤᠰᠢᠶᠠᠬᠤ ᠬᠡᠷᠡᠭᠲᠡᠢ᠃     ᠵᠢᠷᠭᠤᠭ᠎ᠠ᠂ ᠤᠷᠤᠭ ᠳᠠᠩᠰᠠᠯᠠᠭᠰᠠᠨ ᠳᠠᠩᠰᠠ ᠡᠪᠬᠡᠮᠡᠯ ᠨᠢ ᠭᠡᠭᠡᠭᠳᠡᠭᠰᠡᠨ ᠪᠣᠯ ᠲᠤᠬᠠᠶᠢᠲᠠᠢ ᠬᠥᠮᠦᠨ ᠤᠷᠤᠭ ᠤᠨ ᠪᠠᠶᠢᠳᠠᠯ ᠢᠶᠠᠨ ᠭᠡᠷᠡᠴᠢᠯᠡᠵᠦ ᠳᠡᠶᠢᠯᠬᠦ ᠭᠡᠷᠡᠴᠢ ᠲᠣᠰᠢᠶᠠᠬᠤ ᠬᠡᠷᠡᠭᠲᠡᠢ᠃ ᠡᠷᠦᠬᠡ ᠠᠮᠠ ᠶᠢᠨ ᠲᠡᠪᠲᠡᠷ ᠲᠠᠬᠢ ᠡᠷ᠎ᠡ ᠡᠮ᠎ᠡ ᠶᠢᠨ ᠬᠠᠷᠢᠴᠠᠭ᠎ᠠ ᠶᠢᠨ ᠲᠡᠮᠳᠡᠭᠯᠡᠯ᠂ ᠭᠤᠶᠤᠴᠢᠯᠠᠭᠴᠢ ᠶᠢᠨ ᠤᠷᠤᠭ ᠤᠨ ᠪᠠᠶᠢᠳᠠᠯ ᠢ ᠲᠣᠳᠤᠷᠬᠠᠶᠢᠯᠠᠨ ᠪᠢᠴᠢᠭᠰᠡᠨ ᠨᠢᠭᠡᠴᠡ᠂ ᠭᠠᠴᠠᠭᠠᠨ ︵ᠰᠠᠭᠤᠭᠠᠯᠢ︶᠎ ᠤ ᠠᠷᠠᠳ ᠤᠨ ᠵᠦᠪᠯᠡᠯ ᠪᠣᠶᠤ ᠣᠶᠢᠷ᠎ᠠ ᠲᠥᠷᠥᠯ ᠰᠠᠳᠤᠨ ᠤ ᠬᠢᠵᠦ ᠥᠭᠭᠦᠭᠰᠡᠨ ᠭᠡᠷᠡᠴᠢ ᠶᠢ ᠭᠤᠶᠣᠴᠢᠯᠠᠭᠴᠢ ᠶᠢᠨ ᠣᠷᠤᠭ ᠤᠨ ᠪᠠᠶᠢᠳᠠᠯ ᠤᠨ ᠭᠡᠷᠡᠴᠢ ᠪᠣᠯᠭᠠᠨ ᠬᠡᠷᠡᠭᠯᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1