ᠵᠡᠮᠳᠡᠭᠴᠦᠳ ᠲᠤ ᠵᠣᠬᠢᠬᠤ ᠬᠠᠷᠢᠴᠠᠯ ᠢᠶᠠᠷ ᠠᠵᠢᠯ ᠣᠯᠭᠤᠬᠤ
ᠨᠡᠶᠢᠲᠡᠯᠡᠭᠰᠡᠨ ᠴᠠᠭ᠄
2017/10/12
    ᠵᠡᠮᠳᠡᠭᠴᠦᠳ ᠲᠤ ᠵᠣᠬᠢᠬᠤ ᠬᠠᠷᠢᠴᠠᠯ ᠢᠶᠠᠷ ᠠᠵᠢᠯ ᠣᠯᠭᠤᠬᠤ ᠭᠡᠳᠡᠭ ᠨᠢ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠣᠯᠢ︾᠎ ᠶᠢᠨ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ᠂ ᠪᠠᠶᠢᠭᠤᠯᠭ᠎ᠠ᠂ ᠪᠥᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ᠂ ᠬᠤᠲᠠ ᠬᠥᠳᠡᠭᠡ ᠶᠢᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠵᠡᠮᠳᠡᠭᠴᠤᠳ ᠢ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠠᠵᠢᠯ ᠣᠯᠭᠤᠬᠤ ᠶᠢᠨ ᠬᠠᠮᠲᠤ᠂ ᠲᠡᠭᠦᠨ ᠢᠶᠠᠷ ᠵᠣᠬᠢᠰᠲᠠᠢ ᠠᠵᠢᠯ ᠤᠨ ᠲᠦᠷᠦᠯ ᠪᠠ ᠠᠵᠢᠯ ᠤᠨ ᠪᠠᠶᠢᠷᠢ ᠰᠤᠩᠭᠤᠭᠤᠯᠬᠤ ᠶᠢ ᠵᠢᠭᠠᠵᠤ ᠪᠤᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠪᠤᠳᠠᠲᠦ ᠪᠠᠶᠢᠳᠠᠯ ᠢᠶᠠᠨ ᠦᠨᠳᠦᠰᠦᠯᠡᠨ ᠪᠣᠳᠠᠲᠠᠢ ᠬᠠᠷᠢᠴᠠᠯ ᠢ ᠲᠣᠭᠲᠠᠭᠠᠵᠦ ᠪᠣᠯᠤᠨ᠎ᠠ᠃ ᠬᠠᠷᠢᠴᠠᠯ ᠢᠶᠠᠷ ᠠᠵᠢᠯ ᠣᠯᠭᠤᠬᠤ ᠳᠤ ᠬᠤᠲᠠ ︵ᠰᠢᠭᠤᠳ ᠬᠠᠷᠢᠶ᠎ᠠ ᠬᠤᠲᠠ᠂ ᠮᠤᠵᠢ ᠶᠢᠨ ᠬᠠᠷᠢᠶ᠎ᠠ ᠬᠤᠲᠠ᠂ ᠰᠢᠶᠠᠨ ᠤ ᠱᠠᠲᠤᠨ ᠤ ᠬᠤᠲᠠ︶᠎ ᠪᠠᠷ ᠥᠨᠳᠥᠰᠦᠨ ᠬᠡᠷᠡᠭᠵᠢᠭᠦᠯᠬᠦ ᠨᠢᠭᠡᠴᠡ ᠪᠣᠯᠭᠠᠨ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠣᠯᠢ︾ ᠪᠣᠯᠣᠨ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠪᠠᠲᠤᠯᠠᠭ᠎ᠠ ᠶᠢᠨ ᠬᠠᠤᠯᠢ ᠶᠢ ᠬᠡᠷᠡᠭᠵᠢᠭᠦᠯᠬᠦ ᠠᠷᠭ᠎ᠠ︾᠎ ᠪᠠᠷ ᠥᠨᠳᠥᠰᠦᠯᠡᠯ ᠪᠣᠯᠭᠠᠵᠤ᠂ ᠬᠤᠲᠠ ᠶᠢᠨ ᠵᠠᠰᠠᠭ ᠤᠨ ᠣᠷᠳᠣᠨ ᠤ ᠵᠠᠷᠯᠢᠭ ᠤᠨ ᠬᠡᠯᠪᠡᠷᠢ ᠪᠠᠷ ᠪᠦᠬᠦ ᠬᠤᠲᠠ ᠳᠤ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ ᠨᠢᠭᠡ ᠬᠤᠲᠠ ᠳᠤ ᠠᠳᠠᠯᠢ ᠪᠣᠰᠤ ᠶᠢᠨ ᠲᠦᠷᠥ ᠶᠢᠨ ᠪᠣᠳᠣᠯᠭ᠎ᠠ ᠪᠠ ᠬᠡᠷᠡᠭᠵᠢᠭᠦᠯᠬᠦ ᠠᠷᠭ᠎ᠠ ᠪᠠᠶᠢᠬᠤ ᠨᠢ ᠲᠣᠬᠢᠷᠠᠮᠵᠢ ᠦᠭᠡᠢ᠃ ᠨᠢᠭᠡ ᠭᠠᠵᠠᠷ ᠣᠷᠣᠨ ᠤ ᠬᠠᠷᠢᠶ᠎ᠠ ᠪᠦᠬᠦᠢ ᠡᠯ᠎ᠡ ᠰᠢᠶᠠᠨ ᠨᠦᠭᠦᠳ ᠬᠠᠷᠢᠴᠠᠯ ᠢᠶᠠᠷ ᠠᠵᠢᠯ ᠣᠯᠭᠤᠬᠤ ᠠᠵᠢᠯ ᠥᠷᠨᠢᠭᠦᠯᠬᠦ ᠳᠤ ᠂ ᠵᠠᠷᠴᠢᠮ ᠳᠡᠭᠡᠷ᠎ᠡ ᠪᠠᠨ ᠵᠠᠬᠢᠷᠭ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠢ᠂ ᠶᠡᠭᠡ ᠵᠦᠷᠢᠶ᠎ᠡ ᠲᠠᠢ ᠪᠠᠶᠢᠯᠭᠠᠵᠦ ᠪᠣᠯᠬᠤ ᠦᠭᠡᠢ᠃ ᠪᠠᠶᠢᠭᠤᠯᠭ᠎ᠠ᠂ ᠪᠥᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ᠂ ᠬᠤᠲᠠ ᠬᠥᠳᠡᠭᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠲᠣᠰ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ ᠲᠣᠭᠲᠠᠭᠠᠭᠰᠠᠨ ᠬᠤᠯᠪᠤᠭᠳᠠᠯ ᠪᠦᠬᠦᠢ ᠬᠠᠤᠯᠢ ᠲᠤᠭᠲᠠᠭᠠᠯ ᠤᠨ ᠪᠤᠳᠠᠲᠠᠢ ᠬᠠᠷᠢᠴᠠᠯ ᠤᠨ ᠶᠣᠰᠤᠭᠠᠷ᠂ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ︔ ᠬᠠᠷᠢᠴᠠᠯ ᠳᠤ ᠲᠦᠷ ᠬᠦᠷᠦᠭᠡᠳᠦᠢ ᠨᠢ ᠡᠳ᠋ ᠤᠨ ᠵᠠᠰᠠᠭ ᠤᠨ ᠶᠠᠮᠤᠨ ᠤ ᠨᠡᠶᠢᠲᠡᠯᠡᠭᠰᠡᠨ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾᠎ ᠤᠨ ᠶᠣᠰᠤᠭᠠᠷ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠤᠰᠢᠶᠠᠬᠤ ᠬᠡᠷᠡᠭᠲᠡᠢ᠃ ᠵᠡᠮᠳᠡᠭᠴᠦᠳ ᠢ ᠳᠣᠬᠢᠷᠠᠭᠤᠯᠤᠨ ᠠᠵᠢᠯ ᠣᠯᠭᠤᠭᠰᠠᠨ ᠨᠢ ᠲᠣᠭᠲᠠᠭᠠᠭᠰᠠᠨ ᠬᠠᠷᠢᠴᠠᠯ ᠢ ᠳᠠᠪᠠᠭᠰᠠᠨ ᠪᠤᠶᠤ ᠲᠣᠪᠤᠶᠢᠮ᠎ᠠ ᠠᠮᠵᠢᠯᠲᠠ ᠣᠯᠣᠭᠰᠠᠨ ᠨᠢᠭᠡᠴᠡ ᠶᠢ ᠤᠶᠤᠨ ᠰᠠᠨᠠᠭ᠎ᠠ ᠪᠠ ᠪᠤᠳᠠᠰ ᠤᠨ ᠲᠠᠯ᠎ᠠ ᠪᠠᠷ ᠱᠠᠩᠨᠠᠵᠦ ᠬᠦᠬᠢᠭᠦᠯᠬᠦ ᠬᠡᠷᠡᠭᠲᠡᠢ︔ ᠬᠠᠷᠢᠴᠠᠯ ᠶᠣᠰᠤᠭᠠᠷ ᠵᠡᠮᠳᠡᠭᠴᠦᠳ ᠲᠤ ᠠᠵᠢᠯ ᠣᠯᠭᠤᠬᠤ ᠲᠣᠭᠲᠠᠭᠠᠯ ᠢ ᠬᠡᠷᠡᠭᠵᠢᠭᠦᠯᠬᠦ ᠶᠢ ᠳᠡᠪᠴᠢᠭᠰᠡᠳ ᠢ ᠰᠢᠭᠦᠮᠵᠢᠯᠡᠵᠦ᠂ ᠬᠥᠮᠥᠵᠢᠭᠦᠯᠥᠨ᠂ ᠵᠠᠷᠯᠢᠭᠳᠠᠵᠦ ᠪᠠᠶᠢᠭᠠᠳ ᠵᠠᠯᠠᠷᠠᠭᠤᠯᠭ᠎ᠠ ᠬᠢᠯᠭᠡᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ︾ ᠭᠡᠳᠡᠭ ᠨᠢ ᠬᠠᠷᠢᠴᠠᠯ ᠶᠣᠰᠤᠭᠠᠷ ᠵᠡᠮᠳᠡᠭᠴᠦᠳ ᠢ ᠲᠠᠷᠠᠬᠠᠢ ᠲᠣᠬᠢᠷᠠᠭᠤᠯᠤᠨ ᠠᠵᠢᠯ ᠣᠯᠭᠤᠬᠤ ᠶᠢ ᠬᠡᠷᠡᠭᠵᠢᠭᠦᠯᠵᠦ ᠪᠦᠬᠦᠢ ᠭᠠᠵᠠᠷ ᠣᠷᠣᠨ ᠳᠤ᠂ ᠵᠡᠮᠳᠡᠭᠴᠦᠳ ᠢ ᠲᠣᠬᠢᠷᠠᠭᠤᠯᠤᠭᠰᠠᠨ ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠴᠠᠯ ᠳᠤ ᠬᠦᠷᠬᠦ ᠦᠭᠡᠢ ᠪᠠᠶᠢᠭᠤᠯᠭ᠎ᠠ᠂ ᠪᠥᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠣᠯᠣᠨ ᠬᠤᠲᠠ ᠬᠥᠳᠡᠭᠡ ᠶᠢᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠦᠬᠦᠨ᠂ ᠣᠷᠣᠨ ᠨᠤᠲᠤᠭ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠲᠣᠭᠲᠠᠭᠠᠯ ᠢ ᠥᠨᠳᠦᠰᠦᠯᠡᠨ᠂ ᠣᠨ ᠤ ᠵᠦᠷᠢᠶᠡᠲᠦ ᠬᠥᠮᠥᠨ ᠤ ᠲᠤᠭ᠎ᠠ ᠪᠠ ᠳᠡᠭᠡᠷ᠎ᠡ ᠵᠢᠯ ᠤᠨ ᠲᠣᠰ ᠭᠠᠵᠠᠷ ᠣᠷᠣᠨ ᠤ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠤᠨ ᠶᠣᠰᠤᠭᠠᠷ ᠵᠡᠮᠳᠡᠭᠴᠦᠳ ᠲᠤ ᠠᠵᠢᠯ ᠣᠯᠭᠤᠬᠤ ᠳᠤ ᠬᠡᠷᠡᠭᠯᠡᠬᠦ ᠲᠤᠰᠬᠠᠢ ᠵᠦᠢᠯ ᠤᠨ ᠪᠡᠯᠡ ᠮᠥᠩᠭᠦ ᠪᠣᠳᠣᠵᠣ ᠲᠤᠰᠢᠶᠠᠬᠤ ᠶᠢ ᠵᠢᠭᠠᠵᠦ ᠪᠣᠢ᠃ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠳ᠋ ᠤᠨ ᠵᠠᠰᠠᠭ ᠤᠨ ᠶᠠᠮᠤᠨ 1995 ᠣᠨ ᠳᠤ᠂ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾᠎ ᠢ ᠲᠣᠭᠲᠠᠭᠠᠨ ᠨᠡᠶᠢᠲᠡᠯᠡᠵᠦ᠂ ︽ᠪᠠᠲᠤᠯᠠᠭ᠎ᠠ ᠶᠢᠨ ᠮᠥᠩᠭᠦ︾᠎ ᠶᠢ ᠳᠣᠣᠷ᠎ᠠ ᠳᠤᠷᠠᠳᠤᠭᠰᠠᠨ ᠵᠠᠷᠤᠯᠭ᠎ᠠ ᠳᠤ ᠲᠤᠰᠬᠠᠢ ᠵᠦᠢᠯ ᠢᠶᠠᠷ ᠬᠡᠷᠡᠭᠯᠡᠬᠦ ᠶᠢ ᠲᠣᠳᠤᠷᠬᠠᠢ ᠳᠤᠷᠠᠳᠪᠠ᠄ ︵1︶ ᠵᠡᠮᠳᠡᠭᠴᠦᠳ ᠤᠨ ᠡᠷᠬᠢᠯᠡᠵᠦ ᠬᠢᠬᠦ ᠠᠵᠢᠯ ᠤᠨ ᠪᠣᠯᠪᠠᠰᠤᠷᠠᠭᠤᠯᠤᠯ ᠳᠤ ᠨᠥᠬᠦᠪᠦᠷᠢᠯᠡᠬᠦ ᠵᠠᠷᠤᠳᠠᠯ︔ ︵2︶ ᠵᠡᠮᠳᠡᠭᠴᠦᠳ ᠢ ᠬᠠᠷᠢᠴᠠᠯ ᠠᠴᠠ ᠳᠠᠪᠠᠭᠤᠯᠤᠨ ᠠᠵᠢᠯ ᠣᠯᠭᠤᠭᠰᠠᠨ ᠨᠢᠭᠡᠴᠡ ᠬᠢᠭᠡᠳ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠳᠤ ᠮᠡᠳᠡᠭᠳᠡᠬᠦ᠋ᠢᠴᠡ ᠠᠮᠵᠢᠯᠲᠡ ᠭᠠᠷᠭᠠᠭᠰᠠᠨ ᠨᠢᠭᠡᠴᠡ ᠶᠢ ᠱᠠᠩᠨᠠᠨ ᠬᠦᠬᠢᠭᠦᠯᠬᠦ︔ ︵3︶ ᠵᠡᠮᠳᠡᠭᠴᠦᠳ ᠤᠨ ᠬᠠᠮᠲᠤ ᠨᠡᠶᠢᠲᠡ ᠪᠠᠷ ᠠᠵᠢᠯ ᠡᠷᠬᠢᠯᠡᠬᠦ᠂ ᠬᠤᠪᠢ ᠶᠢᠨ ᠡᠵᠡᠩᠨᠡᠯᠲᠡ ᠬᠢᠬᠦ ᠶᠢ ᠲᠦᠯᠦᠪᠦᠷᠢ ᠲᠠᠢ ᠲᠡᠳᠭᠦᠬᠦ︔ ︵4︶ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠢᠶᠠᠷ ᠵᠥᠪᠰᠢᠶᠡᠷᠡᠭᠦᠯᠥᠭᠡᠳ᠂ ᠵᠡᠮᠳᠡᠭᠴᠦᠳ ᠤᠨ ᠬᠦᠳᠡᠯᠮᠦᠷᠢ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠤᠨ ᠵᠠᠷᠤᠯᠭ᠎ᠠ ᠳᠤ ᠵᠣᠬᠢᠰᠲᠠᠢ ᠲᠤᠰᠠᠯᠠᠬᠤ︔ ︵5︶ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠢᠶᠠᠷ ᠵᠥᠪᠰᠢᠶᠡᠷᠡᠭᠦᠯᠥᠭᠡᠳ᠂ ᠵᠡᠮᠳᠡᠭᠴᠦᠳ ᠲᠤ ᠠᠵᠢᠯ ᠣᠯᠭᠤᠬᠤ ᠠᠵᠢᠯ ᠤᠨ ᠪᠤᠰᠤᠳ ᠵᠠᠷᠤᠯᠭ᠎ᠠ ᠳᠤ ᠰᠢᠭᠤᠳ ᠬᠡᠷᠡᠭᠯᠡᠬᠦ︔ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ︾᠎ ᠶᠢ ᠡᠷᠬᠡᠪᠰᠢ ᠳᠡᠭᠡᠷ᠎ᠡ ᠳᠤᠷᠠᠳᠤᠭᠰᠠᠨ ᠲᠣᠭᠲᠠᠭᠠᠭᠰᠠᠨ ᠬᠡᠷᠡᠭᠴᠡᠭᠡ ᠶᠢᠨ ᠶᠣᠰᠤᠭᠠᠷ ᠬᠡᠷᠡᠭᠯᠡᠬᠦ ᠬᠡᠷᠡᠭᠲᠡᠢ᠂ ᠶᠠᠮᠠᠷᠪᠠ ᠰᠠᠯᠠᠭ᠎ᠠ ᠮᠦᠴᠢᠷ ᠭᠡᠳ ᠲᠡᠭᠰᠢ ᠪᠠᠷ ᠰᠢᠯᠵᠢᠭᠦᠯᠬᠦ ᠪᠤᠶᠤ ᠣᠨᠳᠣᠤ ᠵᠦᠢᠯ ᠳᠤ ᠨᠡᠭᠦᠯᠭᠡᠨ ᠬᠡᠷᠡᠭᠯᠡᠬᠦ ᠪᠣᠯᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1