ᠠᠮᠢᠳᠦᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2017/10/12
    1. ᠡᠷᠦᠭᠡ ᠶᠢᠨ ᠡᠵᠡᠨ ᠪᠡᠶ᠎ᠡ ᠪᠠᠷ ᠢᠶᠠᠨ ᠪᠠᠶᠢᠭ᠎ᠠ ᠭᠠᠵᠠᠷ ᠤᠨ ᠢᠶᠠᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠪᠢᠴᠢᠭᠯᠡᠭᠰᠡᠨ ᠭᠤᠶᠤᠴᠢᠯᠠᠯ ᠢᠶᠠᠨ ᠳᠤᠷᠠᠳᠴᠦ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠬᠠᠷᠢᠶ᠎ᠠ᠂ ᠤᠷᠤᠯᠭ᠎ᠠ ᠶᠢᠨ ᠪᠠᠶᠢᠳᠠᠯ ᠵᠡᠷᠭᠡ ᠶᠢᠨ ᠭᠡᠷᠡᠴᠢᠯᠡᠬᠦ ᠮᠠᠲ᠋ᠧᠷᠢᠶᠠᠯ ᠬᠢᠵᠤ ᠦᠭᠴᠤ᠂ ︽ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠬᠢᠨᠠᠨ ᠵᠦᠪᠰᠢᠶᠡᠷᠡᠬᠦ ᠬᠦᠰᠦᠨᠦᠭᠲᠦ︾ ᠲᠠᠭᠯᠠᠨ᠎ᠠ᠃      2. ᠬᠤᠲᠠ ᠪᠠᠯᠭᠠᠰᠤ ᠠᠴᠠ ᠬᠤᠯᠠ ᠰᠠᠭᠤᠷᠢᠰᠢᠵᠤ ᠪᠠᠶᠢᠭ᠎ᠠ ᠲᠤᠮᠦ ᠳᠤᠮᠲᠠ ᠬᠡᠯᠪᠡᠷᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠤᠯ ᠡᠷᠦᠬᠡ ᠶᠢᠨ ᠡᠵᠡᠨ ᠨᠢ ᠪᠡᠶ᠎ᠡ ᠪᠠᠷ ᠢᠶᠠᠨ ᠪᠠᠶᠢᠭ᠎ᠠ ᠠᠵᠤ ᠠᠬᠤᠶᠢᠯᠠᠯ ᠤᠨ ᠢᠶᠠᠨ ᠠᠵᠢᠯᠴᠢᠨ ᠤ ᠡᠪᠯᠡᠯ ᠢᠶᠠᠷ ᠳᠠᠮᠵᠢᠭᠤᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠳᠤ ᠪᠢᠴᠢᠭᠯᠡᠭᠰᠡᠨ ᠭᠤᠶᠤᠴᠢᠯᠠᠯ ᠢᠶᠠᠨ ᠳᠤᠷᠠᠳᠬᠤ ᠶᠢᠨ ᠵᠡᠷᠭᠡᠴᠡᠪᠡᠷ᠂ ᠬᠠᠮᠲᠤ ᠠᠮᠢᠳᠤᠷᠠᠵᠦ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠬᠠᠷᠢᠶ᠎ᠠ᠂ ᠤᠷᠤᠯᠭ᠎ᠠ ᠶᠢᠨ ᠪᠠᠶᠢᠳᠠᠯ ᠵᠡᠷᠭᠡ ᠶᠢᠨ ᠬᠡᠷᠡᠴᠢᠯᠡᠬᠦ ᠮᠠᠲ᠋ᠧᠷᠢᠶᠠᠯ ᠬᠢᠵᠤ ᠦᠭᠴᠦ᠂ ︽ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠬᠢᠨᠠᠨ ᠵᠦᠪᠰᠢᠶᠡᠷᠡᠬᠦ ᠬᠦᠰᠦᠨᠦᠭᠲᠦ︾ ᠲᠠᠭᠯᠠᠨ᠎ᠠ᠃      3. ᠰᠠᠭᠤᠭᠠᠯᠢ ︵ᠭᠡᠷ︶ ᠠᠷᠠᠳ ᠤᠨ ᠵᠦᠪᠯᠡᠯ ᠪᠠᠶᠢᠭᠤᠯᠤᠭᠠᠳᠤᠢ ᠭᠠᠵᠠᠷ ᠤᠨ ᠰᠠᠭᠤᠭᠠᠯᠢ ᠠᠷᠠᠳ ᠪᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠳᠤ ᠰᠢᠭᠤᠳ ᠪᠢᠴᠢᠭᠯᠡᠭᠰᠡᠨ ᠭᠤᠶᠤᠴᠢᠯᠠᠯ ᠢᠶᠠᠨ ᠳᠤᠷᠠᠳᠴᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠠᠴᠠ ᠪᠠᠶᠢᠴᠠᠭᠠᠨ ᠮᠠᠭᠠᠳᠯᠠᠬᠤ ᠪᠠ ᠮᠡᠳᠡᠭᠦᠯᠦᠨ ᠵᠦᠪᠰᠢᠶᠡᠷᠡᠭᠦᠯᠬᠦ ᠳᠡᠰ ᠳᠠᠷᠠᠭᠠᠯᠠᠯ ᠢ ᠰᠢᠭᠤᠳ ᠬᠦᠢᠴᠡᠳᠭᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1