ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠵᠦᠪᠰᠢᠶᠡᠷᠡᠬᠦ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2017/10/12
    1. ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠪᠤᠶᠤ ᠠᠵᠤ ᠠᠬᠤᠶᠢᠯᠠᠯ ᠤᠨ ᠠᠵᠢᠯᠴᠢᠨ ᠤ ᠡᠪᠯᠡᠯ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠭᠤᠶᠤᠴᠢᠯᠠᠭᠴᠢ ᠶᠢᠨ ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠬᠠᠷᠢᠶ᠎ᠠ᠂ ᠤᠷᠤᠯᠭ᠎ᠠ ᠶᠢᠨ ᠪᠠᠶᠢᠳᠠᠯ ᠳᠤ ᠪᠠᠶᠢᠴᠠᠭᠠᠯᠲᠠ ᠬᠢᠵᠤ ᠬᠡᠷᠡᠴᠢ ᠠᠪᠬᠤ ᠬᠡᠷᠡᠭᠲᠠᠢ᠂ ᠨᠦᠬᠦᠴᠡᠯ ᠳᠤ ᠨᠡᠶᠢᠴᠡᠬᠦ ᠶᠢ ᠨᠢ ᠨᠡᠶᠢᠭᠡᠮ ᠲᠤᠭᠤᠷᠢᠭ ᠪᠤᠶᠤ ᠠᠵᠤ ᠠᠬᠤᠶᠢᠯᠠᠯ ᠤᠨ ᠠᠮᠢᠳᠤᠷᠠᠯ ᠤᠨ ᠲᠤᠭᠤᠷᠢᠭ ᠤᠨ ᠤᠯᠠᠨ ᠨᠡᠶᠢᠲᠡ ᠶᠢᠨ ᠲᠠᠯᠠᠪᠤᠷ ᠲᠤ ᠵᠠᠷᠯᠠᠨ ᠨᠡᠶᠢᠲᠡᠯᠡᠬᠦ ᠶᠢᠨ ᠬᠠᠮᠲᠤ ᠭᠤᠶᠤᠴᠢᠯᠠᠯ ᠤᠨ ᠬᠦᠰᠦᠨᠦᠭᠲᠦ ᠪᠣᠯᠣᠨ ᠬᠠᠮᠢᠶ᠎ᠠ ᠪᠦᠬᠦᠢ ᠬᠡᠷᠡᠴᠢᠯᠡᠬᠦ ᠮᠠᠲ᠋ᠧᠷᠢᠶᠠᠯ ᠲᠠᠢ ᠬᠠᠮᠲᠤ ᠳᠤᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠥᠨ ᠬᠦᠷᠭᠡᠨ᠎ᠡ︔     2. ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠨᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠪᠤᠶᠤ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠮᠡᠳᠡᠭᠦᠯᠦᠨ ᠬᠦᠷᠭᠡᠭᠰᠡᠨ ᠭᠤᠶᠤᠴᠢᠯᠡᠯ ᠤᠨ ᠬᠦᠰᠦᠨᠦᠭᠲᠦ ᠪᠤᠯᠤᠨ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠨᠦᠬᠦᠴᠡᠯ ᠳᠤ ᠨᠡᠶᠢᠴᠡᠬᠦ ᠶᠢ ᠨᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠪᠤᠶᠤ ᠠᠵᠤ ᠠᠬᠤᠶᠢᠯᠠᠯ ᠤᠨ ᠠᠵᠢᠯᠴᠢᠨ ᠤ ᠡᠪᠯᠡᠯ ᠳᠤ ᠪᠢᠴᠢᠭ ᠢᠶᠠᠷ ᠮᠡᠳᠡᠭᠳᠡᠨ ᠵᠠᠷᠯᠠᠨ ᠨᠡᠶᠢᠲᠡᠯᠡᠬᠦᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠨᠦᠬᠦᠴᠡᠯ ᠳᠤ ᠨᠡᠶᠢᠴᠡᠬᠦ ᠭᠤᠶᠤᠴᠢᠯᠡᠯ ᠤᠨ ᠬᠦᠰᠦᠨᠦᠭᠲᠦ ᠪᠤᠯᠤᠨ ᠬᠤᠯᠪᠤᠭᠳᠠᠯ ᠪᠦᠬᠦᠢ ᠮᠠᠲ᠋ᠧᠷᠢᠶᠠᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠠᠢ︔     3. ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠮᠡᠳᠡᠬᠦᠯᠦᠨ ᠬᠦᠷᠭᠡᠭᠰᠡᠨ ᠭᠤᠶᠤᠴᠢᠯᠡᠯ ᠤᠨ ᠬᠦᠰᠦᠨᠦᠭᠲᠦ ᠪᠤᠯᠤᠨ ᠬᠤᠯᠪᠤᠭᠳᠠᠯ ᠪᠦᠬᠦᠢ ᠮᠠᠲ᠋ᠧᠷᠢᠶᠠᠯ ᠢ ᠬᠢᠨᠠᠨ ᠵᠦᠪᠰᠢᠶᠡᠷᠡᠵᠤ᠂ ᠨᠦᠬᠦᠴᠡᠯ ᠳᠤ ᠨᠡᠶᠢᠴᠡᠨ᠎ᠡ ᠭᠡᠵᠤ ᠦᠵᠡᠪᠡᠯ 5 ᠡᠳᠦᠷ ᠤᠨ ᠳᠤᠲᠤᠷ᠎ᠠ ᠬᠢᠨᠠᠨ ᠵᠦᠪᠰᠢᠶᠡᠷᠡᠬᠦ ᠭᠠᠷᠳᠠᠮ ᠢ ᠬᠢᠵᠤ ᠳᠠᠭᠤᠰᠬᠠᠬᠤ ᠶᠢᠨ ᠬᠠᠮᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠢᠶᠠᠷ ᠳᠠᠮᠵᠢᠭᠤᠯᠤᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠪᠤᠶᠤ ᠠᠵᠤ ᠠᠬᠤᠶᠢᠯᠠᠯ ᠤᠨ ᠠᠵᠢᠯᠴᠢᠨ ᠤ ᠡᠪᠯᠡᠯ ᠳᠤ ᠪᠢᠴᠢᠭ ᠢᠶᠠᠷ ᠮᠡᠳᠡᠭᠳᠡᠵᠤ ᠵᠠᠷᠯᠠᠨ ᠨᠡᠶᠢᠲᠡᠯᠡᠭᠦᠯᠦᠨ᠎ᠡ︔     4. ᠨᠡᠶᠢᠲᠡᠯᠡᠬᠦ ᠠᠭᠤᠯᠭ᠎ᠠ ᠳᠤ ᠡᠷᠦᠬᠡ ᠶᠢᠨ ᠡᠵᠡᠨ ᠤ ᠤᠪᠤᠭ ᠨᠡᠷ᠎ᠡ᠂ ᠬᠠᠮᠲᠤ ᠠᠮᠢᠳᠤᠷᠠᠵᠤ ᠪᠦᠬᠦᠢ ᠬᠡᠷ ᠪᠦᠯᠢ ᠶᠢᠨ ᠬᠦᠮᠦᠨ ᠠᠮᠠ᠂ ᠲᠤᠰᠠᠯᠠᠮᠵᠢ ᠶᠢᠨ ᠮᠦᠡᠭᠭᠦ ᠶᠢᠨ ᠲᠤᠭ᠎ᠠ ᠶᠢ ᠪᠠᠭᠲᠠᠭᠠᠵᠤ᠂ ᠤᠳᠠᠭ᠎ᠠ ᠪᠦᠷᠢ ᠶᠢᠨ ᠨᠡᠶᠢᠲᠡᠯᠡᠬᠦ ᠬᠤᠭᠤᠴᠠᠭ᠎ᠠ ᠶᠢ 3 ᠡᠳᠦᠷ ᠠᠴᠠ ᠳᠤᠲᠠᠭᠤ ᠪᠠᠶᠢᠯᠭᠠᠵᠤ ᠪᠤᠯᠬᠤ ᠦᠭᠡᠢ᠃ ᠦᠨᠡᠨᠬᠦ ᠤᠨᠳᠤᠤ ᠰᠠᠨᠠᠯ ᠲᠠᠢ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠱᠠᠲᠤ ᠳᠠᠷᠠᠭᠠᠯᠠᠨ ᠳᠠᠬᠢᠵᠤ ᠬᠢᠨᠠᠬᠤ ᠬᠡᠷᠡᠭᠲᠠᠢ᠃ ᠨᠦᠬᠦᠴᠡᠯ ᠳᠤ ᠨᠡᠶᠢᠴᠡᠬᠦ ᠦᠭᠡᠢ ᠭᠤᠶᠤᠴᠢᠯᠠᠭᠴᠢ ᠳᠤ 30 ᠡᠳᠦᠷ ᠤᠨ ᠳᠤᠲᠤᠷ᠎ᠠ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠨᠢ ᠲᠠᠶᠢᠯᠪᠤᠷᠢᠯᠠᠵᠤ ᠦᠭᠬᠦ ᠬᠡᠷᠡᠭᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1