ᠳᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠤᠲᠠᠭ᠎ᠠ ᠶᠢᠨ  ᠪᠦᠬᠦ ᠤᠯᠤᠰ ᠤᠨ ᠳᠦᠯᠦᠭᠡᠯᠡᠭᠴᠢᠳ ᠤᠨ ᠶᠡᠭᠡ ᠬᠤᠷᠠᠯ  ᠪᠡᠭᠡᠵᠢᠩ ᠳᠤ  ᠳᠡᠬᠦᠰᠪᠡ
ᠨᠡᠶᠢᠲᠡᠯᠡᠭᠰᠡᠨ ᠴᠠᠭ᠄
2017/10/25
    ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 24᠎ ᠤ ᠮᠡᠲᠡᠭᠡ ᠳᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠤᠲᠠᠭ᠎ᠠ ᠶᠢᠨ ᠪᠦᠬᠦ ᠤᠯᠤᠰ ᠤᠨ ᠳᠦᠯᠦᠭᠡᠯᠡᠭᠴᠢᠳ ᠤᠨ ᠶᠡᠭᠡ ᠬᠤᠷᠠᠯ ᠰᠢᠨ᠎ᠡ ᠨᠢᠭᠡ  ᠬᠤᠭᠤᠴᠠᠭᠠᠨ ᠤ ᠳᠦᠪ ᠬᠤᠷᠢᠶ᠎ᠠ ᠪᠤᠯᠤᠨ ᠳᠦᠪ ᠤᠨ ᠰᠠᠬᠢᠯᠭ᠎ᠠ ᠪᠠᠲᠤ  ᠪᠠᠶᠢᠴᠠᠭᠠᠬᠤ  ᠬᠤᠷᠢᠶ᠎ᠠ  ᠎ ᠶᠢ  ᠰᠤᠩᠭᠤᠵᠤ᠂  ᠠᠷᠪᠠᠨ  ᠨᠠᠢᠮᠠᠲᠤᠭᠠᠷ ᠬᠤᠭᠤᠴᠠᠭᠠᠨ ᠤ ᠳᠦᠪ ᠬᠤᠷᠢᠶᠠᠨ ᠤ ᠢᠯᠡᠳᠭᠡᠯ ᠤᠨ ᠳᠤᠬᠠᠢ ᠰᠢᠢᠳᠪᠦᠷᠢ᠂ ᠠᠷᠪᠠᠨ ᠨᠠᠢᠮᠠᠲᠤᠭᠠᠷ ᠬᠤᠭᠤᠴᠠᠭᠠᠨ ᠤ ᠳᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠎ ᠤᠨ ᠢᠯᠡᠳᠭᠡᠯ ᠤᠨ ᠳᠤᠬᠠᠢ ᠰᠢᠢᠳᠪᠦᠷᠢ᠂ ︽ᠳᠤᠮᠳᠠᠳᠦ ᠤᠯᠤᠰ ᠤᠨ  ᠡᠪ ᠬᠠᠮᠳᠦ ᠨᠠᠮ ᠤᠨ ᠳᠦᠷᠢᠮ ︵ᠵᠠᠰᠠᠪᠤᠷᠢ ᠤᠷᠤᠭᠤᠯᠬᠤ ᠳᠦᠰᠦᠯ︶︾᠎ ᠤᠨ ᠳᠤᠬᠠᠢ  ᠰᠢᠢᠳᠪᠦᠷᠢ  ᠎ ᠶᠢ  ᠪᠠᠲᠤᠯᠠᠭᠠᠳ᠂  24  ᠎ ᠤ ᠦᠲᠡ ᠶᠢᠨ ᠡᠮᠦᠨ᠎ᠡ ᠠᠷᠠᠳ ᠎ ᠤᠨ ᠶᠡᠭᠡ ᠬᠤᠷᠠᠯ ᠤᠨ ᠲᠠᠩᠬᠢᠮ ᠳᠤ ᠢᠯᠠᠯᠲᠠ ᠲᠠᠢ ᠪᠠᠷ ᠲᠡᠬᠦᠰᠪᠡ᠃        ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠪᠡ᠃                ᠦᠲᠡ ᠶᠢᠨ ᠡᠮᠦᠨ᠎ᠡ ᠶᠢᠨ 9 ᠴᠠᠭ ᠲᠤ ᠳᠡᠬᠦᠰᠬᠦ ᠬᠤᠷᠠᠯ ᠡᠬᠢᠯᠡᠪᠡ᠃         ᠶᠡᠭᠡ ᠬᠤᠷᠠᠯ ᠳᠤ ᠤᠷᠤᠯᠴᠠᠬᠤ ᠶᠤᠰᠤᠳᠠᠢ ᠳᠦᠯᠦᠭᠡᠯᠡᠭᠴᠢ  ᠪᠠ  ᠤᠨᠴᠠ  ᠤᠷᠢᠬᠰᠠᠨ  ᠳᠦᠯᠦᠭᠡᠯᠡᠭᠴᠢ  2354 ᠬᠦᠮᠦᠨ᠂ ᠪᠤᠲᠠᠲᠠᠢ ᠤᠷᠤᠯᠴᠠᠭᠰᠠᠨ ᠨᠢ 2336 ᠬᠦᠮᠦᠨ ᠪᠠᠶᠢᠨ᠎ᠠ᠃ ᠪᠤᠲᠠᠲᠠᠢ ᠤᠷᠤᠯᠴᠠᠭᠰᠠᠨ ᠳᠦᠯᠦᠭᠡᠯᠡᠭᠴᠢ ᠶᠢᠨ ᠳᠤᠭ᠎ᠠ ᠨᠢ ᠤᠷᠤᠯᠴᠠᠬᠤ ᠶᠤᠰᠤᠳᠠᠢ ᠲᠦᠯᠦᠭᠡᠯᠡᠭᠴᠢ ᠶᠢᠨ ᠳᠤᠭᠠᠨ  ᠎ ᠤ  ᠬᠠᠭᠠᠰ  ᠎ ᠠᠴᠠ  ᠬᠡᠳᠦᠷᠡᠭᠰᠡᠨ  ᠪᠤᠯᠬᠤᠷ  ᠶᠡᠭᠡ  ᠬᠤᠷᠠᠯ  ᠎ ᠤᠨ ᠰᠤᠩᠭᠤᠭᠤᠯᠢ ᠶᠢᠨ ᠠᠷᠭ᠎ᠠ ᠶᠢᠨ ᠳᠤᠭᠲᠠᠭᠠᠯ ᠳᠤ ᠨᠡᠶᠢᠴᠡᠵᠡᠢ᠃        ᠬᠤᠷᠠᠯ ᠳᠡᠭᠡᠷ᠎ᠡ ᠶᠠᠭᠤᠨ ᠤ ᠡᠮᠦᠨ᠎ᠡ 2 ᠨᠡᠷ᠎ᠡ ᠶᠡᠷᠦᠩᠬᠡᠢ ᠫᠢᠶᠤᠤ ᠬᠢᠨᠠᠭᠴᠢ ᠪᠠ 36 ᠫᠢᠶᠤᠤ ᠬᠢᠨᠠᠭᠴᠢ ᠶᠢᠨ  ᠨᠠᠷᠠᠰ ᠢ ᠪᠠᠲᠤᠯᠠᠪᠠ᠃         ᠶᠡᠷᠦᠩᠬᠡᠢ ᠫᠢᠶᠤᠤ ᠬᠢᠨᠠᠭᠴᠢ  ᠪᠠ  ᠫᠢᠶᠤᠤ  ᠬᠢᠨᠠᠭᠴᠢ  ᠎ ᠶᠢᠨ  ᠬᠢᠨᠠᠯᠲᠠ  ᠲᠤᠤᠷ᠎ᠠ᠂  ᠬᠤᠷᠠᠯ  ᠎ ᠳᠤ  ᠤᠷᠤᠯᠴᠠᠭᠰᠠᠨ ᠳᠦᠯᠦᠭᠡᠯᠡᠭᠴᠢᠳ ᠨᠢᠭᠤᠴᠠ ᠰᠤᠩᠭᠤᠭᠤᠯᠢ ᠶᠢᠨ ᠠᠷᠭ᠎ᠠ ᠪᠠᠷ  204  ᠭᠡᠰᠢᠬᠦᠨ᠂  172  ᠤᠷᠤᠯᠠᠬᠴᠢ  ᠭᠡᠰᠢᠬᠦᠨ  ᠎ ᠢᠶᠠᠷ ᠪᠦᠷᠢᠯᠳᠦᠭᠰᠡᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶ᠎ᠠ ᠶᠢ ᠰᠤᠩᠭᠤᠵᠤ᠂ ᠠᠷᠪᠠ ᠶᠢᠰᠦᠳᠦᠭᠡᠷ ᠬᠤᠭᠤᠴᠠᠭᠠᠨ ᠤ ᠳᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ 133 ᠭᠡᠰᠢᠬᠦᠨ ᠢ ᠰᠤᠩᠭᠤᠵᠤ ᠭᠠᠷᠭᠠᠪᠠ᠃          11 ᠴᠠᠭ 12 ᠮᠢᠨᠦ᠋ᠲ ᠲᠤ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶ᠎ᠠ  ᠪᠠ  ᠳᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠳᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ  ᠶᠢᠰᠦᠳᠦᠭᠡᠷ  ᠤᠲᠠᠭ᠎ᠠ ᠶᠢᠨ ᠪᠦᠬᠦ ᠤᠯᠤᠰ ᠤᠨ ᠳᠦᠯᠦᠭᠡᠯᠡᠭᠴᠢᠳ ᠤᠨ ᠶᠡᠭᠡ ᠬᠤᠷᠠᠯ ᠢᠶᠠᠷ ᠰᠤᠩᠭᠤᠵᠤ ᠭᠠᠷᠭᠠᠪᠠ ᠭᠡᠵᠤ ᠨᠡᠶᠢᠲᠡᠯᠡᠪᠡ᠃  ᠬᠤᠷᠠᠯ  ᠎ ᠳᠤ ᠤᠷᠤᠯᠴᠠᠭᠰᠠᠳ ᠤᠲᠠᠲᠠᠯ᠎ᠠ ᠬᠠᠯᠠᠭᠤᠨ ᠢᠶᠠᠷ ᠠᠯᠠᠭ᠎ᠠ ᠲᠠᠰᠢᠪᠠ᠃         ᠳᠠᠷᠠᠭ᠎ᠠ ᠨᠢ ᠶᠡᠭᠡ ᠬᠤᠷᠠᠯ ᠠᠴᠠ ᠠᠷᠪᠠᠨ ᠨᠠᠢᠮᠠᠲᠤᠭᠠᠷ ᠬᠤᠭᠤᠴᠠᠭᠠᠨ ᠤ ᠳᠦᠪ ᠬᠤᠷᠢᠶᠠᠨ ᠤ ᠢᠯᠡᠳᠭᠡᠯ ᠤᠨ ᠳᠤᠬᠠᠢ ᠰᠢᠢᠳᠪᠦᠷᠢ ᠶᠢ ᠪᠠᠲᠤᠯᠠᠪᠠ᠃ ᠶᠡᠭᠡ ᠬᠤᠷᠠᠯ ᠠᠴᠠ ᠰᠢ ᠶᠢᠨ ᠫᠢᠩ ᠨᠦᠬᠦᠷ ᠤᠨ ᠠᠷᠪᠠᠨ ᠨᠠᠢᠮᠠᠲᠤᠭᠠᠷ ᠬᠤᠭᠤᠴᠠᠭᠠᠨ ᠤ  ᠳᠦᠪ ᠬᠤᠷᠢᠶᠠᠨ ᠤ ᠡᠮᠦᠨ᠎ᠡ ᠠᠴᠠ ᠬᠢᠭᠰᠡᠨ ᠢᠯᠡᠳᠭᠡᠯ ᠢ ᠪᠠᠲᠤᠯᠠᠵᠠᠢ᠃          ᠶᠡᠭᠡ ᠬᠤᠷᠠᠯ ᠠᠴᠠ ᠠᠷᠪᠠᠨ ᠨᠠᠢᠮᠠᠲᠤᠭᠠᠷ ᠬᠤᠭᠤᠴᠠᠭᠠᠨ ᠤ ᠳᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ  ᠎ ᠤ ᠠᠵᠢᠯ ᠤᠨ ᠢᠯᠡᠳᠭᠡᠯ ᠤᠨ ᠳᠤᠬᠠᠢ ᠰᠢᠢᠳᠪᠦᠷᠢ ᠶᠢ ᠪᠠᠲᠤᠯᠠᠪᠠ᠃ ᠶᠡᠭᠡ ᠬᠤᠷᠠᠯ ᠠᠴᠠ ᠠᠷᠪᠠᠨ ᠨᠠᠢᠮᠠᠲᠤᠭᠠᠷ ᠬᠤᠭᠤᠴᠠᠭᠠᠨ  ᠎ ᠤ ᠳᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠢ ᠭᠦᠢᠴᠡᠳ ᠨᠤᠲᠠᠯᠠᠵᠠᠢ᠃         ᠶᠡᠭᠡ ᠬᠤᠷᠠᠯ ᠠᠴᠠ  ︽ᠳᠤᠮᠳᠠᠳᠦ  ᠤᠯᠤᠰ  ᠎ ᠤᠨ  ᠡᠪ  ᠬᠠᠮᠳᠦ  ᠨᠠᠮ  ᠎ ᠤᠨ  ᠳᠦᠷᠢᠮ  ︵ᠵᠠᠰᠠᠪᠤᠷᠢ  ᠤᠷᠤᠭᠤᠯᠬᠤ ᠳᠦᠰᠦᠯ︶︾᠎ ᠤᠨ ᠳᠤᠬᠠᠢ ᠰᠢᠢᠳᠪᠦᠷᠢ ᠶᠢ ᠪᠠᠲᠤᠯᠠᠵᠤ᠂ ᠡᠨᠡᠬᠦ ᠵᠠᠰᠠᠪᠤᠷᠢ ᠤᠷᠤᠭᠤᠯᠬᠤ ᠳᠦᠰᠦᠯ ᠢ ᠪᠠᠲᠤᠯᠠᠬᠰᠠᠨ ᠡᠳᠦᠷ  ᠎ ᠠᠴᠠ ᠡᠬᠢᠯᠡᠵᠦ ᠬᠦᠴᠦᠨ ᠲᠠᠢ ᠪᠤᠯᠭᠠᠬᠤ ᠪᠠᠷ ᠲᠤᠭᠲᠠᠭᠠᠪᠠ᠃ ᠨᠠᠮ ᠤᠨ ᠳᠦᠷᠢᠮ ᠳᠤ ᠰᠢ ᠎ ᠶᠢᠨ ᠫᠢᠩ ᠤᠨ ᠰᠢᠨ᠎ᠡ ᠴᠠᠭ ᠦᠶ᠎ᠡ ᠳᠠᠬᠢ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠮᠠᠷᠺᠰ ᠯᠧᠨᠢᠨ ᠤ ᠦᠵᠡᠯ᠂  ᠮᠠᠦ  ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠳᠦᠯᠦᠭᠡᠯᠡᠬᠦ ᠴᠢᠬᠤᠯᠠ ᠦᠵᠡᠯ ᠰᠠᠨᠠᠭ᠎ᠠ︾᠂ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠳᠡ ᠎ ᠲᠠᠢ ᠴᠤᠭᠭᠠᠷ ᠨᠠᠮ ᠤᠨ ᠠᠵᠢᠯᠯᠠᠭᠠᠨ ᠤ ᠵᠦᠭᠯᠡᠬᠦᠷ ᠪᠤᠯᠭᠠᠬᠤ ᠪᠠᠷ  ᠶᠡᠭᠡ ᠬᠤᠷᠠᠯ ᠠᠴᠠ ᠰᠠᠨᠠᠯ ᠨᠢᠭᠡᠲᠡᠢ ᠵᠦᠪᠰᠢᠶᠡᠷᠡᠪᠡ᠃    
    ᠶᠡᠭᠡ ᠬᠤᠷᠠᠯ ᠤᠨ ᠵᠦᠪᠯᠡᠬᠦ ᠵᠦᠢᠯ ᠤᠳ ᠢ ᠲᠠᠭᠤᠰᠬᠠᠬᠰᠠᠨ ᠤ ᠲᠠᠷᠠᠭ᠎ᠠ ᠰᠢ ᠶᠢᠨ ᠫᠢᠩ  ᠬᠠᠯᠠᠭᠤᠨ  ᠎ ᠢᠶᠠᠷ  ᠠᠯᠠᠭ᠎ᠠ ᠲᠠᠰᠢᠬᠤ ᠲᠠᠭᠤᠨ ᠤ ᠳᠤᠮᠳᠠ ᠴᠢᠬᠤᠯᠠ ᠶᠠᠷᠢᠶ᠎ᠠ ᠲᠠᠯᠪᠢᠪᠠ᠃         ᠶᠡᠭᠡ ᠬᠤᠷᠠᠯ ᠨᠢ ᠰᠦᠷ ᠵᠢᠪᠬᠤᠯᠠᠩᠲᠠᠢ ︽ᠢᠨᠲ᠋ᠧᠷᠨᠠᠼᠢᠤᠨᠠᠯ ᠤᠨ ᠳᠠᠭᠤᠤ︾᠎ ᠶᠢᠨ ᠳᠤᠮᠳᠠ ᠳᠡᠬᠦᠰᠪᠡ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1