ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 80 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ
ᠨᠡᠶᠢᠲᠡᠯᠡᠭᠰᠡᠨ ᠴᠠᠭ᠄
2017/10/9
    ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠳᠤ᠄ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 80 ᠵᠢᠯ ᠤᠨ ᠤᠢ ᠶᠢᠨ ᠲᠠᠰᠢᠷᠠᠮ ᠢᠶᠠᠷ᠂ ᠪᠢ ᠪᠦᠬᠦ ᠪᠠᠭᠰᠢ ᠤᠶᠤᠳᠠᠨ ᠠᠵᠢᠯᠳᠠᠨ ᠪᠤᠯᠤᠨ ᠦᠷᠭᠡᠨ ᠤᠯᠠᠨ ᠰᠤᠷᠤᠯᠭ᠎ᠠ ᠶᠢᠨ ᠬᠠᠨᠢᠲᠠᠨ ᠳᠤ ᠬᠠᠯᠠᠭᠤᠨ ᠪᠠᠶᠠᠷ ᠬᠦᠷᠭᠡᠶ᠎ᠠ︕ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠪᠤᠯ ᠮᠠᠨ ᠤ ᠨᠠᠮ ᠤᠨ ᠪᠠᠶᠢᠭᠤᠯᠤᠭᠰᠠᠨ ᠠᠩᠬᠠᠳᠠᠭᠴᠢ ᠰᠢᠨ᠎ᠠ ᠮᠠᠶ᠋ᠢᠭ ᠤᠨ ᠵᠢᠩᠬᠢᠨᠢ ᠶᠡᠭᠡ ᠰᠤᠷᠭᠠᠭᠤᠯᠢ ᠪᠤᠯᠤᠨ᠎ᠠ᠃ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠰᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠢᠮᠠᠭᠳᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠨᠠᠮ ᠪᠤᠯᠤᠨ ᠠᠷᠠᠳ ᠲᠦᠮᠡᠨ ᠤ ᠦᠢᠯᠡᠰ ᠲᠤ ᠦᠢᠯᠡᠴᠢᠯᠡᠬᠦ ᠶᠢ ᠪᠠᠷᠢᠮᠳᠠᠯᠠᠵᠤ᠂ ᠢᠯᠡ ᠳᠤᠳᠤ ᠰᠤᠷᠭᠠᠭᠤᠯᠢ ᠡᠷᠬᠢᠯᠡᠬᠦ ᠤᠨᠴᠠᠯᠢᠭ ᠢ ᠪᠦᠷᠢᠯᠳᠦᠭᠦᠯᠵᠤ᠂ ᠮᠠᠨ ᠤ ᠤᠯᠤᠰ ᠤᠨ ᠰᠤᠶᠤᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠠᠨ ᠳᠤ ᠤᠨᠴᠠᠭᠠᠢ ᠦᠢᠯᠡᠳᠦᠯ ᠪᠠᠳᠠᠷᠠᠭᠤᠯᠵᠤ᠂ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠦᠭᠡᠷᠡᠴᠢᠯᠡᠯᠲᠡ ᠶᠢᠨ ᠦᠢᠯᠡᠰ ᠲᠤ ᠠᠯᠢ ᠤᠯᠠᠨ ᠰᠢᠯᠢᠳᠡᠭ ᠴᠢᠳᠠᠪᠤᠷᠢᠲᠠᠨ ᠬᠦᠮᠦᠵᠢᠭᠦᠯᠵᠤ ᠦᠭᠴᠠᠢ᠃ ᠤᠳᠤᠬᠠᠨ ᠳᠤ᠂ ᠨᠠᠮ ᠪᠤᠯᠤᠨ ᠤᠯᠤᠰ ᠤᠨ ᠠᠵᠢᠯ ᠦᠢᠯᠡᠰ ᠶᠠᠬ ᠵᠠᠩᠭᠢᠯᠠᠭ᠎ᠠ ᠶᠢᠨ ᠴᠠᠬ ᠦᠶ᠎ᠠ ᠳᠤ ᠤᠷᠤᠭᠠᠳ ᠪᠤᠢ᠂ ᠪᠢᠳᠡᠠ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠲᠤᠬᠠᠢ ᠬᠡᠷᠡᠭᠴᠡᠭᠡ ᠱᠠᠭᠠᠷᠳᠠᠯᠭ᠎ᠠ ᠦᠩᠭᠡᠷᠡᠭᠰᠡᠨ ᠤ ᠠᠯᠢ ᠴᠤ ᠴᠠᠬ ᠦᠶ᠎ᠡ ᠠᠴᠠ ᠨᠡᠩ ᠢᠯᠡᠭᠦᠦ ᠲᠤᠯᠭᠠᠮ᠎ᠠ ᠪᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠪᠤᠯᠤᠨ ᠭᠠᠷᠮᠠᠭᠠᠢ ᠴᠢᠳᠠᠪᠤᠷᠢᠲᠠᠨ ᠤ ᠲᠤᠬᠠᠢ ᠬᠦᠰᠡᠯ ᠱᠠᠭᠠᠷᠳᠠᠯᠭ᠎ᠠ ᠦᠩᠭᠡᠷᠡᠭᠰᠡᠨ ᠤ ᠠᠯᠢ ᠴᠤ ᠴᠠᠬ ᠦᠶ᠎ᠡ ᠠᠴᠠ ᠨᠡᠩ ᠢᠯᠡᠭᠦᠦ ᠴᠢᠩᠭ᠎ᠠ ᠪᠤᠯᠤᠬᠰᠠᠨ ᠪᠠᠶᠢᠨ᠎ᠠ᠃ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠢᠨ ᠰᠤᠷᠭᠠᠭᠤᠯᠢ ᠪᠠᠶᠢᠭᠤᠯᠤᠬᠳᠠᠬᠰᠠᠨ 80 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠬᠡᠨ ᠳᠤ ᠴᠢᠳᠠᠪᠤᠷᠢᠲᠠᠨ ᠬᠦᠮᠦᠵᠢᠭᠦᠯᠵᠦ ᠦᠭᠬᠦ᠂ ᠶᠠᠮᠠᠷ ᠶᠠᠩᠵᠤ ᠶᠢᠨ ᠴᠢᠳᠠᠪᠤᠷᠢᠲᠠᠨ ᠢ ᠬᠦᠮᠦᠵᠢᠭᠦᠯᠬᠦ᠂ ᠴᠢᠳᠠᠪᠤᠷᠢᠲᠠᠨ ᠢ ᠬᠡᠷᠬᠢᠨ ᠬᠦᠮᠦᠵᠢᠭᠦᠯᠬᠦ ᠡᠨᠡᠬᠦ ᠦᠨᠳᠦᠰᠦᠨ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢᠨ ᠲᠤᠭᠤᠷᠢᠨ ᠳᠤ᠂ ᠶᠤᠰᠤ ᠰᠤᠷᠲᠠᠬᠤᠨ ᠢᠶᠠᠷ ᠴᠢᠳᠠᠪᠤᠷᠢᠲᠡᠨ ᠢ ᠬᠦᠮᠦᠵᠢᠭᠦᠯᠬᠦ ᠶᠢ ᠪᠠᠷᠢᠮᠲᠠᠯᠠᠵᠤ᠂ ᠰᠤᠷᠭᠠᠨ ᠬᠦᠮᠦᠵᠢᠯ ᠤᠨ ᠵᠢᠮ᠎ᠠ ᠶᠤᠰᠤ ᠶᠢ ᠵᠢᠷᠤᠮᠯᠠᠵᠤ᠂ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠳᠤᠮᠳᠠᠳᠤ ᠤᠯᠤᠰ ᠲᠠᠭᠠᠨ ᠦᠨᠳᠦᠰᠦᠯᠡᠨ ᠰᠤᠷᠭᠠᠭᠤᠯᠢ ᠡᠷᠬᠢᠯᠡᠵᠦ᠂ ᠳᠡᠯᠡᠬᠡᠢ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ ᠪᠠ ᠲᠡᠷᠢᠭᠦᠨ ᠳᠡᠰ ᠤᠨ ᠰᠢᠨᠵᠢᠯᠡᠭᠡᠨ ᠤ ᠰᠠᠯᠠᠭ᠎ᠠ ᠶᠢ ᠴᠢᠷᠮᠠᠶᠢᠨ ᠪᠠᠶᠢᠭᠤᠯᠵᠤ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠢᠯᠡᠰ ᠤᠨ ᠴᠡᠴᠡᠭᠯᠡᠯ ᠬᠦᠭᠵᠢᠯ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠠᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠰᠢ ᠶᠢᠨ ᠫᠢᠩ 2017 ᠤᠨ ᠤ 10 ᠰᠠᠷ᠎ᠠ ᠶᠢᠨ 3᠎ ᠤ ᠡᠳᠦᠷ ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 3᠎ ᠤ ᠴᠠᠬᠢᠯᠭᠠᠨ ᠮᠡᠳᠡᠭᠡ︶
 
ᠢᠷᠡᠯᠲᠡ᠄ ᠲᠣᠮᠳᠠᠳᠣ ᠣᠯᠣᠰ ᠤᠨ ᠮᠣᠩᠭᠤᠯ ᠭᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1