ᠬᠢᠯᠢ ᠶᠢᠨ ᠭᠠᠳᠠᠨᠠᠬᠢ ᠵᠢᠯᠤᠭᠤᠴᠢ ᠶᠢᠨ ᠦᠨᠡᠮᠯᠡᠯ ᠢᠶᠠᠷ ᠬᠡᠷᠬᠢᠨ ᠳᠤᠮᠳᠠᠲᠤ ᠤᠯᠤᠰ ᠤᠨ ᠮᠠᠰᠢᠨ ᠲᠡᠷᠬᠡᠨ  ᠎ ᠤ ᠵᠢᠯᠤᠭᠤᠴᠢ ᠶᠢᠨ ᠦᠨᠡᠮᠯᠡᠯ ᠢ ᠰᠤᠯᠢᠨ ᠤᠯᠭᠤᠬᠤ ᠪᠤᠢ
ᠨᠡᠶᠢᠲᠡᠯᠡᠭᠰᠡᠨ ᠴᠠᠭ᠄
2017/10/9
           ᠨᠢᠭᠡ᠂ ᠲᠤᠰᠢᠶᠠᠬᠤ ᠮᠠᠲ᠋ᠧᠷᠢᠶᠠᠯ᠄          1.《 ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ》᠎ ᠶᠢ  ᠲᠠᠭᠯᠠᠨ᠎ᠠ︔          2.《 ᠮᠠᠰᠢᠨ ᠲᠡᠷᠬᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ ᠬᠡᠷᠡᠴᠢ》᠎ ᠶᠢ  ᠲᠤᠰᠢᠶᠠᠨ᠎ᠠ ︔        3.  ᠪᠡᠶ᠎ᠡ ᠶᠢᠨ ᠤᠭ ᠬᠡᠷᠡᠴᠢ ᠶᠢᠨ ᠦᠨᠡᠮᠯᠡᠯ ᠬᠢᠭᠡᠳ ᠬᠠᠭᠤᠯᠪᠤᠷᠢ ᠶᠢ ᠲᠤᠰᠢᠶᠠᠨ᠎ᠠ︔          4. ᠬᠢᠯᠢ ᠶᠢᠨ ᠭᠠᠳᠠᠨᠠᠬᠢ ᠵᠢᠯᠤᠭᠤᠴᠢ ᠶᠢᠨ ᠦᠨᠡᠮᠯᠡᠯ ᠤᠨ ᠡᠬᠡ ᠦᠨᠡᠮᠯᠡᠯ᠂ ᠬᠠᠭᠤᠯᠪᠤᠷᠢ ᠬᠢᠭᠡᠳ  ᠤᠷᠴᠢᠭᠤᠯᠭ᠎ᠠ ᠶᠢᠨ ᠲᠤᠪᠬᠢᠮᠠᠯ ᠢ ᠲᠤᠰᠢᠶᠠᠨ᠎ᠠ︔          5. ᠤᠶᠢᠷ᠎ᠠ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ ᠦᠭᠡᠢ  ᠭᠡᠷᠡᠯ ᠵᠢᠷᠤᠭ 4  ᠎ ᠶᠢ ᠲᠤᠰᠢᠶᠠᠨ᠎ᠠ︔           ᠬᠤᠶᠠᠷ᠂ ᠤᠨᠴᠠᠭᠠᠶᠢᠯᠠᠨ ᠰᠠᠨᠠᠭᠤᠯᠬᠤ ᠨᠢ᠄           1. ᠬᠢᠯᠢ ᠶᠢᠨ ᠭᠠᠳᠠᠨᠠᠬᠢ ᠵᠢᠯᠤᠭᠤᠴᠢ ᠶᠢᠨ ᠦᠨᠡᠮᠯᠡᠯ ᠢᠶᠠᠷ ᠳᠤᠮᠳᠠᠲᠤ ᠤᠯᠤᠰ ᠤᠨ ᠮᠠᠰᠢᠨ ᠲᠡᠷᠬᠡᠨ ᠤ  ᠵᠢᠯᠤᠭᠤᠴᠢ ᠶᠢᠨ ᠦᠨᠡᠮᠯᠡᠯ ᠢ ᠭᠤᠶᠤᠴᠢᠯᠠᠪᠠᠯ᠂  ᠰᠢᠯᠭᠠᠭᠤᠷᠢ ᠶᠢᠨ ᠨᠢᠭᠡ ᠶᠢ  ᠰᠢᠯᠭᠠᠭᠤᠯᠤᠨ᠎ᠠ︔          2.A1᠂ A2᠂ B1᠂ B2 ᠳᠡᠰᠯᠡᠬᠦ ᠬᠡᠯᠪᠡᠷᠢ ᠶᠢᠨ ᠮᠠᠰᠢᠨ ᠲᠡᠷᠭᠡᠨ ᠤ ᠵᠢᠯᠤᠭᠤᠴᠢ ᠶᠢᠨ  ᠦᠨᠡᠮᠯᠡᠯ ᠢ ᠭᠤᠶᠤᠴᠢᠯᠠᠪᠠᠯ᠂  ᠰᠢᠯᠭᠠᠭᠤᠷᠢ ᠶᠢᠨ ᠨᠢᠭᠡ ᠪᠠ  ᠭᠤᠷᠪᠠ ᠶᠢ ᠰᠢᠯᠭᠠᠭᠤᠯᠤᠨ᠎ᠠ︔          3. ᠮᠠᠨ ᠤ ᠤᠯᠤᠰ ᠯᠤᠭ᠎ᠠ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠬᠠᠷᠢᠯᠴᠠᠨ ᠦᠨᠡᠮᠰᠢᠬᠦ  ᠵᠦᠪᠯᠡᠯᠴᠡᠭᠡᠷ ᠲᠤᠭᠲᠠᠭᠠᠭᠰᠠᠨ ᠪᠤᠯ᠂ ᠵᠦᠪᠯᠡᠯᠴᠡᠭᠡᠷ ᠶᠤᠰᠤᠭᠠᠷ ᠬᠦᠢᠴᠡᠳᠭᠡᠨ᠎ᠡ︔        4. ᠡᠯᠴᠢᠨ ᠰᠠᠶᠢᠳ ᠤᠨ ᠶᠠᠮᠤᠨ᠂ ᠺᠤᠨᠰᠦ᠋ᠯ ᠬᠢᠭᠡᠳ ᠤᠯᠠᠨ ᠤᠯᠤᠰ ᠤᠨ ᠵᠤᠬᠢᠶᠠᠨ ᠪᠠᠶᠢᠭᠤᠯᠤᠯᠲᠠ  ᠎ ᠶᠢᠨ ᠳᠤᠮᠳᠠᠲᠤ ᠳᠤ ᠰᠠᠭᠤᠭ᠎ᠠ ᠪᠠᠶᠢᠭᠤᠯᠤᠮᠵᠢ ᠶᠢᠨ ᠠᠵᠢᠯᠲᠠᠨ ᠳᠤ᠂ ᠭᠠᠳᠠᠭᠠᠲᠤ ᠬᠠᠷᠢᠯᠴᠠᠭᠠᠨ ᠤ ᠡᠷᠬᠡ ᠲᠡᠭᠰᠢ  ᠵᠠᠷᠴᠢᠮ ᠶᠤᠰᠤᠭᠠᠷ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠬᠢᠨᠠᠨ ᠤᠯᠭᠤᠨ᠎ᠠ︔          5. ᠬᠢᠯᠢ ᠶᠢᠨ ᠭᠠᠳᠠᠨᠠᠬᠢ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠨᠢ ᠬᠢᠲᠡᠳ ᠬᠡᠯᠡ ᠪᠠᠷ  ᠢᠯᠡᠳᠭᠡᠭᠰᠡᠨ ᠦᠭᠡᠢ ᠪᠠᠶᠢᠪᠠᠯ᠂ ᠬᠢᠲᠡᠳ ᠬᠡᠯᠡᠨ ᠤ ᠤᠷᠴᠢᠭᠤᠯᠭ᠎ᠠ ᠶᠢᠨ ᠲᠤᠪᠬᠢᠮᠠᠯ ᠢ ᠭᠠᠷᠭᠠᠵᠦ ᠦᠭᠬᠦᠨ᠎ᠡ᠃        ᠭᠤᠷᠪᠠ᠂ ᠬᠦᠢᠴᠡᠳᠭᠡᠬᠦ ᠴᠤᠪᠤᠷᠠᠯ᠄         ᠭᠠᠷᠳᠠᠮ ᠢᠶᠠᠨ ᠪᠦᠷᠢᠳᠤᠭᠦᠯᠦᠭᠡᠳ ᠠᠰᠠᠭᠤᠵᠤ ᠯᠠᠪᠯᠠᠬᠤ ᠲᠠᠪᠴᠠᠩ ᠠᠴᠠ ᠳ᠋ᠤᠭᠠᠷ ᠠᠪᠤᠨ᠎ᠠ᠃  ᠬᠦᠯᠢᠶᠡᠬᠦ ᠲᠤᠭᠤᠷᠢᠭ ᠲᠤ  ᠬᠦᠯᠢᠶᠡᠵᠦ ᠳ᠋ᠤᠭᠠᠷ ᠢ ᠳᠠᠭᠤᠳᠠᠪᠠᠯ ᠤᠴᠢᠵᠦ ᠲᠤᠬᠠᠶᠢᠯᠠᠭᠰᠠᠨ ᠠᠵᠢᠯ ᠢ  ᠭᠦᠢᠴᠡᠳᠭᠡᠨ᠎ᠠ᠃          ᠬᠦᠯᠢᠶᠡᠨ ᠠᠪᠴᠤ ᠬᠦᠢᠴᠡᠳᠭᠡᠬᠦ ᠴᠤᠩᠬᠤ ᠨᠢ 1 —5 ᠳ᠋ᠤᠭᠠᠷ ᠴᠤᠩᠬᠤ᠂ 6 ᠳ᠋ᠤᠭᠠᠷ ᠴᠤᠩᠬᠤ ᠳᠤ  ᠰᠦᠢᠳᠭᠡᠯ ᠲᠤᠰᠢᠶᠠᠨ᠎ᠠ᠃            8 ᠳ᠋ᠤᠭᠠᠷ ᠴᠤᠩᠬᠤ ᠠᠴᠠ ᠵᠢᠯᠤᠭᠤᠴᠢ ᠶᠢᠨ ᠦᠨᠡᠮᠯᠡᠯ ᠢᠶᠠᠨ ᠠᠪᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1