ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠶᠢ  ᠭᠦᠢᠴᠡᠳᠬᠡᠬᠦ  ᠲᠣᠬᠠᠶᠢᠯᠠᠭᠰᠠᠨ  ᠠᠵᠢᠯ ᠤᠨ  ᠵᠥᠭᠯᠡᠭᠦᠷ
ᠨᠡᠶᠢᠲᠡᠯᠡᠭᠰᠡᠨ ᠴᠠᠭ᠄
2017/10/9
          ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄     ᠡᠷᠦᠬᠡ ᠠᠮᠠ ᠪᠤᠶᠤ ᠰᠠᠭᠤᠭ᠎ᠠ ᠭᠠᠵᠠᠷ ᠢᠶᠠᠨ ᠬᠤᠪᠢᠷᠠᠭᠤᠯᠬᠤ ᠳᠤ᠂ ᠮᠠᠰᠢᠨ ᠲᠡᠷᠭᠡᠨ ᠤ  ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠪᠠᠷ ᠭᠤᠶᠤᠴᠢᠯᠠᠨ᠎ᠠ᠃     ᠬᠤᠶᠠᠷ᠂ ᠬᠡᠷᠡᠭᠴᠡᠭᠡ ᠪᠦᠬᠦᠢ ᠮᠠᠲ᠋ᠧᠷᠢᠶᠠᠯ      1. ᠭᠠᠷ ‍ᠤᠨ‌ᠦᠰᠦᠭ ᠢᠶᠠᠨ ᠵᠢᠷᠤᠭᠰᠠᠨ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠤᠨ  ᠭᠤᠶᠤᠴᠢᠯᠠᠯ ᠤᠨ ᠬᠦᠰᠦᠨᠦᠭᠲᠦ︾      2. ᠵᠢᠯᠣᠭᠤᠴᠢ ᠶᠢᠨ ᠪᠡᠶ᠎ᠡ ᠶᠢᠨ ᠭᠡᠷᠡᠴᠢ  ︵ᠳᠠᠷᠣᠢ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ  ︾ ᠪᠤᠶᠤ ︽ᠲᠦᠷ ᠴᠠᠭ ᠤᠨ ᠪᠡᠶ᠎ᠡ ᠶᠢᠨ ᠦᠨᠡᠮᠯᠡᠯ︾︶᠎ ᠤᠨ ᠤᠭ ᠵᠦᠢᠯ ᠵᠢᠴᠢ ᠬᠠᠭᠤᠯᠪᠤᠷᠢ᠃      3. ᠰᠢᠶᠠᠨ ᠪᠤᠶᠤ ᠴᠡᠷᠢᠭ ᠠᠩᠭᠢ ᠶᠢᠨ ᠬᠤᠷᠢᠶᠠᠨ ᠤ ᠱᠠᠳᠤᠨ ᠠᠴᠠ ᠳᠡᠭᠡᠭᠰᠢᠬᠢ ᠡᠮᠴᠢᠯᠡᠭᠡ ᠶᠢᠨ  ᠪᠠᠶᠢᠭᠤᠯᠤᠮᠵᠢ ᠶᠢᠨ ᠬᠢᠵᠦ ᠥᠭᠭᠦᠭᠰᠡᠨ ᠪᠡᠶ᠎ᠡ ᠮᠠᠬᠠᠪᠤᠳ ᠤᠨ ᠨᠥᠬᠦᠴᠡᠯ ᠤᠨ ᠲᠣᠬᠠᠢ ᠭᠡᠷᠡᠴᠢ᠃      4. ᠳᠥᠷᠪᠡᠨ ᠬᠤᠪᠢ ᠣᠶᠢᠷ᠎ᠡ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ  ᠮᠠᠯᠠᠭᠠᠢ ᠦᠭᠡᠢ ᠪᠤᠳᠤᠭᠲᠤ ᠭᠡᠷᠡᠯ ᠵᠢᠷᠤᠭ᠃      5 . ᠤᠭ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ᠃      ᠭᠤᠷᠪᠠ᠂  ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠵᠦ ᠪᠣᠯᠣᠨ᠎ᠠ      1. ᠣᠷᠣᠯᠠᠨ ᠭᠦᠢᠴᠡᠳᠬᠡᠭᠴᠢ ᠨᠢ ᠬᠤᠪᠢ ᠬᠥᠮᠥᠨ ᠪᠣᠯ᠂  ᠠᠯᠪᠠᠨ ᠭᠡᠷᠡᠴᠢᠯᠡᠯᠭᠡ ᠬᠢᠯᠭᠡᠭᠰᠡᠨ  ᠨᠠᠶᠢᠳᠠᠯᠭ᠎ᠠ ᠶᠢᠨ ᠪᠢᠴᠢᠭ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ  ᠪᠠ  ᠬᠠᠭᠤᠯᠪᠤᠷᠢ ᠶᠢ ᠲᠤᠰᠢᠶᠠᠨ᠎ᠠ᠃      2. ᠣᠷᠣᠯᠠᠨ ᠭᠦᠢᠴᠡᠳᠬᠡᠭᠴᠢ ᠨᠢ ᠨᠢᠭᠡᠴᠡ ᠪᠣᠯ᠂ ᠲᠣᠰ ᠨᠢᠭᠡᠴᠡ ᠶᠢᠨ ᠲᠠᠨᠢᠯᠴᠠᠭᠤᠯᠭ᠎ᠠ ᠶᠢᠨ  ᠪᠢᠴᠢᠭ ᠵᠢᠴᠢ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾ ᠎ ᠤᠨ ᠤᠭ ᠵᠦᠢᠯ  ᠪᠠ ᠬᠠᠭᠤᠯᠪᠤᠷᠢ ᠶᠢ ᠲᠤᠰᠢᠶᠠᠨ᠎ᠠ᠃      3.ᠣᠷᠣᠯᠠᠨ ᠭᠦᠢᠴᠡᠳᠬᠡᠭᠴᠢ ᠨᠢ ᠬᠠᠨᠢ ᠨᠥᠬᠦᠷ ᠤᠨ ᠬᠠᠷᠢᠴᠠᠭ᠎ᠠ ᠲᠠᠢ ᠪᠣᠯ᠂ ︽ ᠤᠷᠤᠭ ᠤᠨ  ᠦᠨᠡᠮᠯᠡᠯ︾ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ  ᠪᠠ ᠬᠠᠭᠤᠯᠪᠤᠷᠢ ᠶᠢ  ᠲᠤᠰᠢᠶᠠᠨ᠎ᠠ᠃     4.ᠣᠷᠣᠯᠠᠨ ᠭᠦᠢᠴᠡᠳᠬᠡᠭᠴᠢ ᠨᠢ ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ  ᠬᠠᠷᠢᠴᠠᠭ᠎ᠠ ᠎ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ︽  ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1