︽ᠶᠤᠸᠠᠨ ᠪᠤᠤ ᠱᠠᠨ ᠲᠤᠭᠤᠷᠢᠭ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ  ᠠᠮᠠ  ᠎ ᠶᠢᠨ ᠬᠦᠨᠳᠤ  ᠡᠪᠡᠳᠴᠢᠨ ᠤ ᠡᠷᠡᠬᠦᠯ  ᠴᠢᠬᠢᠷᠠᠭ ᠢᠶᠠᠷ  ᠶᠠᠳᠠᠭᠤ ᠶᠢ ᠲᠡᠳᠬᠦᠬᠦ  ᠪᠦᠬᠦᠨ ᠢ ᠠᠭᠤᠳᠠᠯᠠᠬᠤ‌‍ᠪᠠᠳᠤᠯᠠᠭ᠎ᠠ ᠶᠢᠨ  ᠰᠠᠭᠤᠷᠢ ᠮᠦᠩᠬᠦᠨ ᠤ ᠬᠠᠮᠢᠶᠠᠷᠤᠯᠳᠠ ᠶᠢᠨ ᠭᠡᠷᠡᠭᠵᠢᠬᠦᠯᠬᠦ ᠨᠠᠷᠢᠨ ᠲᠦᠷᠢᠮ︾᠎ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2017/11/1
       ᠶᠤᠸᠠᠨ ᠵᠠᠰᠠᠭ ᠠᠯᠪᠠᠨ  ᠲᠠᠷᠬᠠᠭᠠᠭᠰᠠᠨ  ﹇2017﹈17  ᠳ᠋ᠤᠭᠠᠷ ᠲᠤᠭᠠᠳᠤ       ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ  ᠲᠤᠭᠤᠷᠢᠭ  ᠎ ᠤᠨ ᠠᠷᠠᠳ ᠤᠨ  ᠵᠠᠰᠠᠭ ᠤᠨ  ᠤᠷᠳᠤᠨ  ᠎ ᠤ  ᠠᠯᠪᠠᠨ ᠭᠡᠷ      ︽ᠶᠤᠸᠠᠨ ᠪᠤᠤ ᠱᠠᠨ ᠲᠤᠭᠤᠷᠢᠭ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ  ᠠᠮᠠ  ᠎ ᠶᠢᠨ ᠬᠦᠨᠳᠤ  ᠡᠪᠡᠳᠴᠢᠨ  ᠎ ᠤ ᠡᠷᠡᠬᠦᠯ  ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ  ᠠᠭᠤᠳᠠᠯᠠᠬᠤ  ᠪᠠᠳᠤᠯᠠᠭ᠎ᠠ ᠎ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠭᠡᠷᠡᠭᠵᠢᠬᠦᠯᠬᠦ ᠨᠠᠷᠢᠨ ᠲᠦᠷᠢᠮ︾᠎ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠡᠯ᠎ᠠ ᠪᠠᠯᠭᠠᠰᠤᠨ  ᠎ ᠤ ᠠᠷᠠᠳ  ᠎ ᠤᠨ   ᠵᠠᠰᠠᠭ ᠤᠨ   ᠤᠷᠳᠤᠨ᠂   ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ  ᠭᠠᠵᠠᠷ᠂   ᠲᠤᠭᠤᠷᠢᠭ ᠤᠨ  ᠬᠠᠷᠢᠶ᠎ᠠ  ᠬᠤᠯᠪᠤᠭᠳᠠᠯ  ᠪᠦᠬᠦᠢ  ᠵᠦᠪᠯᠡᠯ   ᠠᠯᠪᠠᠨ ᠭᠡᠷ ᠲᠤᠪᠴᠢᠶ᠎ᠠ᠂  ᠠᠷᠠᠳ  ᠎ ᠤᠨ  ᠪᠦᠯᠬᠦᠮ ᠨᠡᠶᠢᠳᠡ᠄      ︽ᠶᠤᠸᠠᠨ ᠪᠤᠤ ᠱᠠᠨ ᠲᠤᠭᠤᠷᠢᠭ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ  ᠠᠮᠠ  ᠎ ᠶᠢᠨ ᠬᠦᠨᠳᠤ  ᠡᠪᠡᠳᠴᠢᠨ  ᠎ ᠤ ᠡᠷᠡᠬᠦᠯ  ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ  ᠠᠭᠤᠳᠠᠯᠠᠬᠤ  ᠪᠠᠳᠤᠯᠠᠭ᠎ᠠ ᠎ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠭᠡᠷᠡᠭᠵᠢᠬᠦᠯᠬᠦ ᠨᠠᠷᠢᠨ ᠲᠦᠷᠢᠮ  ︾᠎ ᠢ  ᠲᠤᠭᠤᠷᠢᠭ  ᠎ ᠤᠨ ᠵᠠᠰᠠᠭ ᠎ ᠤᠨ ᠤᠷᠳᠤᠨ  ᠵᠦᠪᠰᠢᠶᠡᠷᠡᠵᠤ᠂ ᠲᠠ ᠨᠠᠷ ᠲᠤ ᠲᠠᠷᠬᠠᠭᠠᠯ᠎ᠠ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ  ᠲᠤᠤᠱᠯᠠᠭᠤᠯᠤᠨ ᠭᠡᠷᠡᠭᠵᠢᠬᠦᠯᠳᠤᠭᠡᠢ᠃                            2017 ᠤᠨ ᠤ 9 ᠰᠠᠷ᠎ᠠ ᠶᠢᠨ25᠎ ᠤ ᠡᠳᠤᠷ       ᠶᠤᠸᠠᠨ ᠪᠤᠤ ᠱᠠᠨ ᠲᠤᠭᠤᠷᠢᠭ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠭᠡᠷᠡᠭᠵᠢᠬᠦᠯᠬᠦ ᠨᠠᠷᠢᠨ ᠲᠦᠷᠢᠮ ︵ᠲᠤᠷᠰᠢᠨ ᠭᠡᠷᠡᠭᠵᠢᠬᠦᠯᠬᠦ︶       ᠨᠢᠭᠡᠳᠤᠭᠡᠷ ᠪᠦᠯᠦᠭ ᠶᠡᠷᠦᠩᠬᠡᠢ ᠲᠦᠷᠢᠮ       ᠨᠢᠭᠡᠳᠤᠭᠡᠷ ᠵᠤᠷᠪᠤᠰ    ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠮᠴᠢᠯᠡᠭᠡᠨ ᠤ ᠰᠤᠶᠢᠳᠬᠡᠯ ᠲᠠᠷᠤᠭᠠᠰᠤ ᠶᠢ ᠬᠦᠩᠭᠡᠯᠡᠵᠤ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤᠷᠠᠬᠤ ᠲᠡᠬᠢᠨ ᠶᠠᠳᠠᠭᠤᠷᠠᠬᠤ ᠠᠰᠠᠭᠤᠳᠠᠯ ᠢ ᠰᠢᠢᠳᠪᠦᠷᠢᠯᠡᠵᠤ᠂ ᠮᠠᠨ ᠤ ᠲᠤᠭᠤᠷᠢᠭ ᠤᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠶᠠᠳᠠᠭᠤ ᠶᠢ ᠲᠡᠳᠬᠦᠬᠦ ᠡᠮ ᠡᠮᠨᠡᠯᠭᠡ ᠶᠢᠨ ᠪᠠᠳᠤᠯᠠᠭ᠎ᠠ ᠲᠤᠭᠳᠠᠯᠴᠠᠭ᠎ᠠ ᠶᠢ ᠲᠡᠬᠦᠯᠳᠡᠷᠵᠢᠬᠦᠯᠬᠦ ᠶᠢᠨ ᠲᠦᠯᠦᠭᠡ᠂  ᠮᠠᠨ ᠤ ᠲᠤᠭᠤᠷᠢᠭ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠵᠤ᠂  ᠲᠤᠰ ᠨᠠᠷᠢᠨ ᠲᠦᠷᠢᠮ ᠢ  ᠲᠤᠭᠳᠠᠭᠠᠪᠠ᠃      ᠬᠤᠶᠠᠳᠤᠭᠠᠷ ᠵᠤᠷᠪᠤᠰ       ᠲᠤᠰ ᠨᠠᠷᠢᠨ ᠲᠦᠷᠢᠮ ᠤᠨ ᠰᠠᠭᠤᠷᠢ ᠮᠦᠩᠬᠦᠨ ᠤ ᠠᠪᠤᠷᠠᠨ ᠲᠡᠳᠬᠦᠬᠦ ᠭᠡᠪᠴᠢᠶ᠎ᠠ ᠨᠢ ᠶᠤᠸᠠᠨ ᠪᠤᠤ ᠱᠠᠨ ᠲᠤᠭᠤᠷᠢᠭ ᠤᠨ ᠡᠷᠦᠭᠡ ᠠᠮᠠ ᠲᠠᠢ ᠲᠠᠩᠰᠠᠯᠠᠵᠤ ᠺᠠᠷᠲᠯᠠᠭᠰᠠᠨ ᠡᠪᠡᠳᠴᠢᠨ ᠠᠴᠠ ᠪᠤᠯᠵᠤ ᠶᠠᠳᠠᠭᠤᠷᠠᠭᠰᠠᠨ ᠲᠡᠬᠢᠨ ᠶᠠᠳᠠᠭᠤᠷᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠪᠤᠯᠤᠨ᠎ᠠ᠃      ᠬᠤᠶᠠᠳᠤᠭᠠᠷ ᠪᠦᠯᠦᠭ     ᠰᠠᠭᠤᠷᠢ ᠮᠦᠩᠬᠦᠨ ᠤ ᠬᠤᠷᠠᠮᠳᠤᠯᠭ᠎ᠠ      ᠭᠤᠷᠪᠠᠳᠤᠭᠠᠷ ᠵᠤᠷᠪᠤᠰ   ᠪᠡᠯᠡ ᠮᠦᠩᠬᠦᠨ ᠤ ᠢᠷᠡᠯᠳᠡ᠄      ︵ᠨᠢᠭᠡ︶ ᠲᠤᠭᠤᠷᠢᠭ ᠤᠨ ᠡᠳ᠋ ᠤᠨ ᠵᠠᠰᠠᠠᠭ ᠤᠨ ᠲᠦᠰᠦᠪ ᠤᠨ ᠪᠡᠯᠡ ᠮᠦᠩᠬᠦ 300 ᠲᠦᠮᠡᠨ ᠲᠦᠬᠦᠷᠢᠭ / ᠵᠢᠯ︔     ︵ᠬᠤᠶᠠᠷ︶ ᠲᠤᠭᠤᠷᠢᠭ ᠤᠨ  ᠲᠤᠳᠤᠨ᠎ᠠ ᠭᠠᠳᠠᠨᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠵᠢᠴᠢ ᠬᠤᠪᠢ ᠬᠦᠮᠦᠨ ᠤ ᠬᠠᠨᠳᠢᠪᠯᠡᠯ  ︔     ︵ᠭᠤᠷᠪᠠ︶ ᠲᠤᠭᠤᠷᠢᠭ ᠤᠨ  ᠲᠤᠳᠤᠨ᠎ᠠ  ᠡᠯ᠎ᠡ ᠲᠦᠷᠦᠯ ᠤᠨ ᠡᠮ ᠡᠮᠨᠡᠯᠭᠡ ᠶᠢᠨ ᠠᠪᠤᠷᠠᠨ ᠲᠡᠳᠬᠦᠬᠦ ᠪᠡᠯᠡ ᠮᠦᠩᠬᠦ ᠵᠢᠴᠢ ᠪᠤᠰᠤᠳ ᠬᠠᠤᠯᠢ ᠶᠤᠰᠤᠨ ᠤ ᠢᠷᠡᠯᠳᠡ︔     ︵ᠲᠦᠷᠪᠡ︶ ᠰᠠᠭᠤᠷᠢ ᠮᠦᠩᠬᠦᠨ ᠤ ᠪᠤᠢ ᠪᠤᠯᠤᠭᠰᠠᠨ ᠬᠦᠦ ᠮᠦᠩᠬᠦᠨ ᠤ ᠤᠷᠤᠯᠭ᠎ᠠ᠃      ᠲᠦᠷᠪᠡᠳᠤᠭᠡᠷ ᠵᠤᠷᠪᠤᠰ  ᠡᠳ᠋ ᠤᠨ  ᠵᠠᠰᠠᠭ ᠤᠨ ᠪᠡᠯᠡ  ᠮᠦᠩᠬᠦ  ᠎ ᠶᠢ ᠵᠢᠯ ᠪᠦᠷᠢ ᠶᠢᠨ ᠵᠢᠯ ᠤᠨ  ᠡᠬᠢᠨ ᠳᠤ ᠲᠤᠭᠤᠷᠢᠭ ᠤᠨ ᠲᠦᠰᠦᠪ ᠲᠤ ᠤᠷᠤᠭᠤᠯᠵᠤ  ᠂  ᠵᠢᠯ ᠤᠨ  ᠦᠯᠡᠳᠭᠡᠯ ᠢ ᠦᠷᠬᠦᠯᠵᠢᠯᠡᠨ ᠬᠠᠳᠠᠭᠠᠯᠠᠵᠤ᠂  ᠬᠦᠷᠦᠯᠴᠡᠬᠦ ᠦᠭᠡᠢ ᠶᠢ ᠨᠢ ᠨᠡᠭᠡᠮᠵᠢᠯᠡᠨ ᠨᠦᠬᠦᠨ᠎ᠡ᠃      ᠭᠤᠷᠪᠠᠳᠤᠭᠠᠷ ᠪᠦᠯᠦᠭ  ᠰᠠᠭᠤᠷᠢ ᠮᠦᠩᠬᠦᠨ ᠤ ᠬᠠᠮᠢᠶᠠᠷᠤᠯᠳᠠ      ᠲᠠᠪᠤᠳᠤᠭᠠᠷ ᠵᠤᠷᠪᠤᠰ   ᠶᠤᠸᠠᠨ ᠪᠤᠤ ᠱᠠᠨ ᠲᠤᠭᠤᠷᠢᠭ ‍ᠤᠨ‌‍ᠲ᠋ᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠡᠷᠡᠬᠦᠯ  ᠴᠢᠬᠢᠷᠠᠭ  ᠎ ᠢᠶᠠᠷ ᠶᠠᠳᠠᠭᠤ ᠶᠢ ᠲᠡᠳᠬᠦᠬᠦ ᠪᠦᠬᠦᠨ ᠢ  ᠠᠭᠤᠳᠠᠯᠠᠬᠤ  ᠪᠠᠳᠤᠯᠠᠭ᠎ᠠ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠠᠵᠢᠯ ᠢ ᠨᠢᠭᠡᠳᠤᠯᠵᠢᠬᠦᠯᠵᠤ᠂  ᠤᠳᠤᠷᠢᠳᠬᠤ ᠲᠤᠭᠤᠶᠢᠯᠠᠩ ᠤᠨ ᠲᠤᠤᠷ᠎ᠠ ᠡᠷᠡᠬᠦᠯ ᠴᠢᠬᠢᠷᠠᠭ ᠎ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠠᠯᠪᠠᠨ ᠭᠡᠷ  ᠭᠠᠷᠭᠠᠵᠤ  ᠂ ᠠᠯᠪᠠᠨ ᠭᠡᠷ ᠢ ᠲᠤᠭᠤᠷᠢᠭ ᠤᠨ  ᠡᠮᠨᠡᠯᠭᠡ ᠶᠢᠨ ᠲᠠᠭᠠᠳᠬᠠᠯ ᠤᠨ ᠲᠤᠪᠴᠢᠶᠠᠨ ᠳᠤ  ᠲᠤᠬᠢᠷᠠᠭᠤᠯᠵᠤ᠂ ᠰᠠᠭᠤᠷᠢ ᠮᠦᠩᠬᠦᠨ ᠤ ᠡᠳᠤᠷ ᠲᠤᠳᠤᠮ ᠤᠨ ᠠᠵᠢᠯ ᠢ ᠤᠷᠤᠯᠠᠨ ᠬᠠᠮᠢᠶᠠᠷᠤᠨ᠎ᠠ᠃      ᠵᠢᠷᠭᠤᠳᠤᠭᠠᠷ ᠵᠤᠷᠪᠤᠰ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ  ᠎ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦ ᠶᠢ ᠪᠦᠬᠦ  ᠲᠤᠭᠤᠷᠢᠭ  ᠎ ᠲᠤ  ᠨᠢᠭᠡᠳᠤᠯᠵᠢᠬᠦᠯᠬᠦ᠂ ᠲᠤᠰᠬᠠᠢ ᠲᠠᠩᠰᠠᠨ ᠳᠤ ᠬᠠᠮᠢᠶᠠᠷᠬᠤ᠂ ᠲᠤᠰᠬᠠᠢ ᠡᠷᠦᠭᠡ ᠎ ᠳᠤ ᠬᠠᠳᠠᠭᠠᠯᠠᠬᠤ᠂ ᠪᠢᠳᠡᠬᠦᠮᠵᠢᠯᠡᠨ  ᠡᠷᠬᠢᠯᠳᠡ  ᠎ ᠳᠤ ᠤᠷᠤᠭᠤᠯᠬᠤ  ᠎ ᠶᠢ  ᠭᠡᠷᠡᠭᠵᠢᠬᠦᠯᠵᠤ᠂ ᠰᠠᠭᠤᠷᠢ ᠮᠦᠩᠬᠦᠨ ᠤ ᠬᠠᠮᠢᠶᠠᠷᠤᠯᠳᠠ ᠶᠢᠨ ᠲᠤᠰᠬᠠᠢ  ᠡᠷᠦᠭᠡ ᠶᠢ ᠲᠤᠭᠤᠷᠢᠭ ᠤᠨ ᠡᠳ᠋ ᠤᠨ ᠵᠠᠰᠠᠭ ᠤᠨ  ᠲᠤᠪᠴᠢᠶᠠᠨ ᠳᠤ ᠪᠠᠶᠢᠭᠤᠯᠤᠨ᠎ᠠ᠃      ᠲᠤᠯᠤᠳᠤᠭᠠᠷ ᠵᠤᠷᠪᠤᠰ  ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠲᠠᠰᠤᠯᠤᠨ ᠪᠤᠳᠤᠬᠤ ᠲᠤᠭᠳᠠᠯᠴᠠᠭ᠎ᠠ ᠶᠢ ᠪᠠᠶᠢᠭᠤᠯᠵᠤ᠂  ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠠᠪᠤᠷᠠᠨ ᠲᠡᠳᠬᠦᠬᠦ ᠡᠳᠡᠭᠡᠳ ᠲᠤ ᠨᠢᠭᠡ ᠬᠦᠮᠦᠨ ᠳᠤ ᠨᠢᠭᠡ ᠲᠠᠩᠰᠠ᠂ ᠨᠢᠭᠡ ᠤᠳᠠᠭ᠎ᠠ ᠨᠢᠭᠡ ᠲᠠᠩᠰᠠ ᠡᠪᠬᠡᠮᠡᠯ ᠬᠢᠵᠤ᠂  ᠮᠠᠲ᠋ᠧᠷᠢᠶᠠᠯ ᠪᠦᠷᠢᠳᠤᠬᠦᠯᠦᠨ᠂ ᠲᠤᠭ᠎ᠠ ᠪᠠᠷᠢᠮᠳᠠ ᠨᠢ ᠦᠨᠡᠨ ᠪᠤᠳᠠᠳᠠᠢ ᠪᠠᠶᠢᠬᠤ ᠭᠡᠷᠡᠭᠳᠡᠢ᠃      ᠨᠠᠢᠮᠠᠳᠤᠭᠠᠷ ᠵᠤᠷᠪᠤᠰ   ᠰᠠᠭᠤᠷᠢ ᠮᠦᠩᠬᠦᠨ ᠤ ᠬᠠᠮᠢᠶᠠᠷᠤᠯᠳᠠ ᠶᠢᠨ ᠠᠯᠪᠠᠨ ᠭᠡᠷ ᠨᠢ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤᠳᠤᠷᠢᠳᠬᠤ ᠲᠤᠭᠤᠶᠢᠯᠠᠩ ᠎ ᠳᠤ ᠲᠤᠭᠳᠠᠮᠠᠯ ᠬᠤᠭᠤᠴᠠᠭ᠎ᠠ ᠲᠠᠢ ᠪᠠᠷ ᠪᠡᠯᠡ ᠮᠦᠩᠬᠦᠨ ᠤ ᠭᠡᠷᠡᠭᠯᠡᠯᠳᠡ ᠵᠢᠴᠢ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠵᠤ᠂  ᠲᠤᠬᠢᠷᠠᠮᠵᠢᠳᠠᠢ ᠭᠡᠯᠪᠡᠷᠢ ᠪᠠᠷ ᠨᠡᠶᠢᠭᠡᠮ ᠳᠤ ᠢᠯᠡ ᠨᠠᠶᠢᠳᠠᠯᠠᠨ᠎ᠠ᠃      ᠶᠢᠰᠤᠳᠤᠭᠡᠷ ᠵᠤᠷᠪᠤᠰ  ᠭᠤᠶᠤᠴᠢᠯᠠᠭᠴᠢ ᠬᠠᠭᠤᠷᠮᠠᠭ ᠮᠠᠲ᠋ᠧᠷᠢᠶᠠᠯ ᠬᠠᠩᠭᠠᠵᠤ ᠠᠪᠤᠷᠠᠨ ᠲᠡᠳᠬᠦᠬᠦ ᠪᠡᠯᠡ ᠮᠦᠩᠬᠦ ᠶᠢ ᠮᠡᠭᠡᠯᠡᠨ ᠠᠪᠬᠤ᠂ ᠤᠬᠠᠭᠠᠯᠠᠨ ᠰᠤᠯᠢᠵᠤ ᠠᠪᠤᠪᠠᠯ᠂  ᠪᠠᠶᠢᠴᠠᠭᠠᠨ ᠬᠠᠷᠭᠤᠭᠤᠯᠤᠭᠰᠠᠨ ᠤ ᠲᠠᠷᠠᠭ᠎ᠠ ᠠᠪᠤᠷᠠᠨ ᠲᠡᠳᠬᠦᠬᠦ ᠮᠦᠩᠬᠦ ᠶᠢ ᠪᠤᠴᠠᠭᠠᠨ ᠠᠪᠬᠤ ᠪᠦᠭᠡᠳ ᠲᠡᠳᠬᠦᠭᠳᠡᠬᠦ ᠬᠢᠷᠢ ᠭᠡᠮ ᠢ  ᠬᠠᠰᠤᠵᠤ᠂  ᠪᠠᠶᠢᠳᠠᠯ  ᠬᠦᠨᠳᠤ ᠨᠤᠴᠢᠳᠠᠢ ᠪᠤᠯ ᠬᠠᠨ᠋ᠤᠯᠢ ᠴᠠᠭᠠᠵᠠ ᠶᠢᠨ ᠰᠠᠯᠠᠭ᠎ᠠ ᠮᠦᠴᠢᠷ ᠲᠤ ᠰᠢᠯᠵᠢᠬᠦᠯᠵᠦ ᠰᠢᠢᠳᠪᠦᠷᠢᠯᠠᠨ᠎ᠠ᠃     ᠠᠷᠪᠠᠳᠤᠭᠠᠷ ᠵᠤᠷᠪᠤᠰ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠤᠳᠤᠷᠢᠳᠬᠤ ᠲᠤᠭᠤᠶᠢᠯᠠᠩ ᠤᠨ ᠠᠵᠢᠯ  ᠎ ᠤᠨ ᠬᠤᠷᠠᠯ ᠢ ᠲᠤᠭᠳᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂  ᠠᠵᠢᠯ ᠤᠨ  ᠪᠠᠶᠢᠳᠠᠯ ᠢ  ᠴᠠᠭ ᠲᠤᠬᠠᠢ ᠳᠤ ᠨᠢ ᠵᠠᠷᠯᠠᠨ ᠨᠡᠶᠢᠳᠡᠯᠡᠵᠤ᠂  ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃     ᠠᠷᠪᠠᠨ ᠨᠢᠭᠡᠳᠤᠭᠡᠷ ᠵᠤᠷᠪᠤᠰ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ  ᠎ ᠶᠢ ᠪᠦᠬᠦᠨ ᠢ ᠬᠤᠳᠠᠯᠳᠤᠭᠠᠨ ᠤ  ᠨᠦᠬᠦᠪᠦᠷᠢ ᠡᠮᠴᠢᠯᠡᠭᠡᠨ ᠤ ᠲᠠᠭᠠᠳᠬᠠᠯ ᠤᠨ ᠭᠡᠪᠴᠢᠶᠠᠨ ᠳᠤ ᠤᠷᠤᠭᠤᠯᠵᠤ ᠲᠤᠭᠤᠷᠢᠭ ᠎ ᠤᠨ ᠡᠳ᠋ ᠤᠨ ᠵᠠᠰᠠᠭ ᠬᠦᠮᠦᠨ ᠪᠦᠷᠢ ᠳᠤ ᠵᠢᠯ ᠪᠤᠯᠭᠠᠨ140 ᠲᠦᠬᠦᠷᠢᠭ ᠪᠡᠯᠡ ᠮᠦᠩᠬᠦ ᠲᠤᠬᠢᠷᠠᠭᠤᠯᠤᠨ᠎ᠠ᠃      ᠲᠦᠷᠪᠡᠳᠤᠭᠡᠷ ᠪᠦᠯᠦᠭ   ᠰᠠᠭᠤᠷᠢ ᠮᠦᠩᠬᠦᠨ ᠤ ᠭᠡᠷᠡᠭᠯᠡᠯᠳᠡ     ᠠᠷᠪᠠᠨ ᠬᠤᠶᠠᠳᠤᠭᠠᠷ ᠵᠤᠷᠪᠤᠰ    ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠪᠠᠷ ᠡᠮᠨᠡᠯᠭᠡ ᠳᠤ ᠰᠠᠭᠤᠵᠤ  ᠡᠬᠦᠰᠦᠭᠰᠡᠨ ᠲᠦᠷᠦ ᠶᠢᠨ ᠪᠤᠳᠤᠯᠭ᠎ᠠ ᠶᠢᠨ ᠭᠡᠪᠴᠢᠶᠠᠨ ᠳᠠᠬᠢ ᠡᠮᠴᠢᠯᠡᠭᠡᠨ ᠤ ᠵᠠᠷᠤᠳᠠᠯ ᠢ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠢᠶᠠᠷ ᠲᠠᠩᠰᠠᠨ ᠠᠴᠠ  ᠬᠠᠰᠤᠬᠤ᠂ ᠬᠦᠨᠳᠤ ᠡᠪᠡᠳᠴᠢᠨ ᠤ ᠲᠠᠭᠠᠳᠬᠠᠯ ᠤᠨ ᠲᠠᠩᠰᠠᠨ ᠠᠴᠠ  ᠬᠠᠰᠤᠬᠤ᠂  ᠠᠷᠠᠳ  ᠎ ᠤᠨ ᠶᠠᠪᠤᠳᠠᠯ ᠤᠨ ᠠᠪᠤᠷᠠᠨ ᠲᠡᠳᠬᠦᠬᠦ᠂  ᠬᠤᠳᠠᠯᠳᠤᠭᠠᠨ ᠤ ᠲᠠᠭᠠᠳᠬᠠᠯ ᠢᠶᠠᠷ ᠲᠦᠯᠦᠬᠦ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠠᠪᠤᠷᠠᠨ ᠲᠤᠰᠠᠯᠠᠬᠤ ᠪᠠᠷ ᠲᠠᠮᠵᠢᠭᠰᠠᠨ ᠤ ᠲᠠᠷᠠᠭ᠎ᠠ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠡᠷᠡᠬᠦᠯ  ᠴᠢᠬᠢᠷᠠᠭ ᠢᠶᠠᠷ  ᠶᠠᠳᠠᠭᠤ ᠶᠢ ᠲᠡᠳᠬᠦᠬᠦ ᠪᠦᠬᠦᠨ ᠢ  ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦ ᠪᠠᠷ ᠠᠪᠤᠷᠠᠨ  ᠲᠤᠰᠠᠯᠠᠵᠤ  ᠂ ᠵᠠᠰᠠᠪᠠᠯ ᠵᠤᠬᠢᠰᠳᠠᠢ ᠶᠢ ᠪᠦᠷᠢᠨ ᠵᠠᠰᠠᠬᠤ ᠶᠢ ᠪᠡᠶᠡᠯᠡᠬᠦᠯᠤᠨ᠎ᠠ᠃     ᠠᠷᠪᠠᠨ ᠭᠤᠷᠪᠠᠳᠤᠭᠠᠷ ᠵᠤᠷᠪᠤᠰ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠲᠠᠰᠤᠯᠤᠨ ᠪᠤᠳᠤᠯᠳᠠ ᠶᠢ ᠬᠤᠳᠠ ᠬᠦᠳᠡᠭᠡ ᠶᠢᠨ ᠦᠨᠳᠤᠰᠤᠨ ᠡᠮᠨᠡᠯᠭᠡ ᠶᠢᠨ ᠲᠠᠭᠠᠳᠬᠠᠯ ᠪᠠ ᠬᠦᠨᠳᠤ  ᠡᠪᠡᠳᠴᠢᠨ ᠤ ᠲᠠᠭᠠᠳᠬᠠᠯ ᠤᠨ ᠲᠠᠩᠰᠠᠨ ᠠᠴᠠ ᠬᠠᠰᠤᠬᠤ  ᠲᠠᠰᠤᠯᠤᠨ ᠪᠤᠳᠤᠯᠳᠠ ᠪᠠᠷ ᠰᠠᠭᠤᠷᠢ ᠪᠤᠯᠭᠠᠵᠤ ᠂  ᠲᠦᠷᠦ ᠶᠢᠨ ᠪᠤᠳᠤᠯᠭ᠎ᠠ ᠶᠢᠨ ᠭᠡᠪᠴᠢᠶᠠᠨ ᠳᠠᠬᠢ ᠡᠮᠨᠡᠯᠭᠡ ᠶᠢᠨ ᠵᠠᠷᠤᠳᠠᠯ ᠤᠨ ᠠᠪᠤᠷᠠᠨ ᠲᠡᠳᠬᠦᠯᠳᠠ ᠶᠢ ᠡᠬᠦᠷᠭᠡᠯᠡᠨ᠎ᠡ᠃ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠵᠢᠨ‌ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠭᠡᠪᠴᠢᠶᠠᠨ ᠳᠠᠬᠢ ᠪᠡᠯᠡ ᠮᠦᠩᠬᠦᠨ ᠤ ᠪᠤᠳᠤᠯᠳᠠ ᠪᠤᠯ ᠡᠮᠨᠡᠯᠭᠡ ᠎ ᠶᠢᠨ ᠪᠦᠬᠦ ᠵᠠᠷᠤᠳᠠᠯ ᠠᠴᠠ ᠡᠮᠨᠡᠯᠭᠡ ᠶᠢᠨ ᠲᠠᠭᠠᠳᠬᠠᠯ ᠤᠨ  ᠨᠢᠭᠡᠳᠤᠯᠳᠠᠢ ᠲᠠᠩᠰᠠᠨ ᠠᠴᠠ ᠬᠠᠰᠤᠭᠰᠠᠨ᠂  ᠬᠤᠳᠠᠯᠳᠤᠭᠠᠨ ᠤ ᠲᠠᠭᠠᠳᠬᠠᠯ ᠤᠨ ᠲᠦᠯᠦᠪᠦᠷᠢ ᠶᠢᠨ ᠭᠡᠰᠡᠭ᠂ ᠨᠦᠬᠦᠪᠦᠷᠢᠯᠡᠵᠤ ᠪᠤᠯᠬᠤ ᠦᠭᠡᠢ ᠭᠡᠰᠡᠭ ᠢ  ᠭᠠᠷᠭᠠᠭᠠᠳ᠂ ᠲᠦᠷᠦ ᠶᠢᠨ ᠪᠤᠳᠤᠯᠭ᠎ᠠ ᠶᠢᠨ ᠭᠡᠪᠴᠢᠶᠠᠨ ᠳᠤ ᠬᠤᠪᠢ ᠬᠦᠮᠦᠨ ᠦᠪᠡᠰᠤᠪᠡᠨ ᠵᠠᠷᠤᠭᠰᠠᠨ ᠨᠢ 3000 ᠲᠦᠬᠦᠷᠢᠭ  ᠬᠦᠷᠦᠭᠰᠡᠨ ᠦᠭᠡᠢ᠂  ᠬᠤᠪᠢ ᠬᠦᠮᠦᠨ ᠤ ᠡᠬᠦᠷᠭᠡᠯᠡᠭᠰᠡᠨ ᠨᠢ 10 %᠎ ᠠᠴᠠ ᠭᠡᠳᠤᠷᠡᠭᠰᠡᠨ ᠵᠢᠴᠢ ᠲᠦᠷᠦ ᠶᠢᠨ ᠪᠤᠳᠤᠯᠭ᠎ᠠ ᠶᠢᠨ ᠭᠡᠪᠴᠢᠶᠠᠨ ᠳᠠᠬᠢ ᠦᠪᠡᠰᠤᠪᠡᠨ ᠭᠠᠷᠭᠠᠭᠰᠠᠨ ᠪᠡᠯᠡ ᠮᠦᠩᠬᠦ ᠨᠡᠶᠢᠳᠡ 3000 ᠲᠦᠬᠦᠷᠢᠭ ᠤᠷᠴᠢᠮ ᠲᠠᠪᠠᠭᠰᠠᠨ ᠭᠡᠰᠡᠭ ᠢ ᠡᠷᠡᠬᠦᠯ  ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ  ᠪᠠᠳᠤᠯᠠᠭ᠎ᠠ ᠶᠢᠨ ᠰᠠᠭᠤᠷᠢ ᠮᠦᠩᠬᠦᠨ ᠪᠠᠷ ᠲᠠᠰᠤᠯᠤᠨ ᠪᠤᠳᠤᠬᠤ ᠶᠢ ᠭᠡᠷᠡᠭᠵᠢᠬᠦᠯᠤᠨ᠎ᠠ᠃     ᠨᠦᠬᠦᠪᠦᠷᠢᠯᠠᠵᠤ ᠪᠤᠯᠬᠤ ᠦᠭᠡᠢ ᠭᠡᠰᠡᠭ ᠨᠢ  ᠭᠤᠤᠯᠳᠠᠭᠤ ᠡᠮᠨᠡᠯᠭᠡ ᠶᠢᠨ ᠲᠠᠭᠠᠳᠬᠠᠯ  ᠎ ᠳᠤ ᠲᠤᠭᠳᠠᠭᠠᠭᠰᠠᠨ ᠡᠮ  ᠎ ᠤᠨ ᠵᠤᠶᠢᠯ  ᠂ ᠡᠮᠴᠢᠯᠡᠭᠡᠨ ᠤ ᠵᠤᠶᠢᠯ᠂ ᠦᠢᠯᠡᠴᠢᠯᠡᠭᠡᠨ ᠤ ᠲᠦᠬᠦᠭᠡᠷᠦᠮᠵᠢ ᠠᠴᠠ ᠭᠠᠳᠠᠨᠠᠬᠢ ᠡᠮ ᠡᠮᠨᠡᠯᠭᠡ ᠶᠢᠨ ᠰᠤᠶᠢᠳᠬᠡᠯ᠂ ᠪᠠᠷᠢᠮᠵᠢᠶ᠎ᠠ ᠠᠴᠠ ᠲᠠᠪᠠᠭᠰᠠᠨ ᠤᠷᠤ ᠶᠢᠨ ᠰᠤᠶᠢᠳᠬᠡᠯ᠂ ᠡᠮᠨᠡᠯᠭᠡ ᠳᠤ ᠰᠠᠭᠤᠬᠤ ᠬᠤᠭᠤᠴᠠᠭᠠᠨ ᠤ ᠬᠤᠪᠢ ᠬᠦᠮᠦᠨ ᠤ ᠠᠮᠢᠳᠤᠷᠠᠯ ᠤᠨ ᠰᠤᠶᠢᠳᠬᠡᠯ ᠵᠡᠷᠭᠡ ᠶᠢ ᠪᠠᠭᠳᠠᠨ᠎ᠠ᠃     ᠠᠷᠪᠠᠨ ᠲᠦᠷᠪᠡᠳᠤᠭᠡᠷ ᠵᠤᠷᠪᠤᠰ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠡᠷᠡᠬᠦᠯ  ᠴᠢᠬᠢᠷᠠᠭ ᠢᠶᠠᠷ  ᠶᠠᠳᠠᠭᠤ ᠶᠢ ᠲᠡᠳᠬᠦᠬᠦ ᠪᠦᠬᠦᠨ ᠢ  ᠠᠭᠤᠳᠠᠯᠠᠬᠤ  ᠪᠠᠳᠤᠯᠠᠭ᠎ᠠ ᠶᠢᠨ ᠰᠠᠭᠤᠷᠢ ᠮᠦᠩᠬᠦᠨ ᠳᠤ ᠲᠤᠤᠷᠠᠬᠢ  ᠪᠠᠶᠢᠳᠠᠯ  ᠎ ᠤᠨ ᠡᠮᠴᠢᠯᠡᠬᠦᠯᠬᠦ ᠳᠤ ᠡᠬᠦᠰᠦᠭᠰᠡᠨ ᠡᠮᠨᠡᠯᠭᠡ ᠶᠢᠨ ᠰᠤᠶᠢᠳᠬᠡᠯ ᠢ ᠦᠭᠬᠦ ᠦᠭᠡᠢ᠄      ︵ᠨᠢᠭᠡ︶ ᠬᠠᠤᠯᠢ ᠵᠦᠷᠢᠴᠡᠵᠤ ᠶᠠᠯ᠎ᠠ ᠬᠢᠭᠰᠡᠨ᠂ ᠠᠷᠢᠬᠢᠳᠠᠵᠤ ᠰᠤᠭᠳᠤᠭᠤᠷᠠᠭᠰᠠᠨ᠂ ᠵᠤᠳᠤᠯᠳᠤᠵᠤ ᠴᠤᠬᠢᠯᠳᠤᠭᠰᠠᠨ᠂ ᠪᠠᠶ᠎ᠠ ᠪᠠᠨ ᠬᠤᠤᠷᠯᠠᠭᠰᠠᠨ᠂  ᠪᠠᠶ᠎ᠠ ᠪᠠᠨ ᠲᠠᠮᠳᠤᠭᠯᠠᠭᠰᠠᠨ᠂  ᠬᠤᠤᠷ ᠲᠠᠳᠠᠭᠰᠠᠨ ᠠᠴᠠ ᠪᠤᠯᠤᠭᠰᠠᠨ᠂ ᠡᠮᠴᠢ ᠶᠢᠨ ᠵᠠᠬᠢᠶ᠎ᠠ ᠪᠠᠷ ᠡᠮ ᠤᠤᠭᠤᠵᠤ᠂  ᠲᠦᠷᠬᠢᠵᠤ᠂ ᠵᠡᠬᠦᠯᠡᠭᠰᠡᠨ ᠦᠭᠡᠢ ᠪᠤᠯᠵᠤ ᠰᠢᠷᠬᠠᠳᠤᠭᠰᠠᠨ ᠂ ᠬᠠᠷᠢᠭᠤᠴᠠᠯᠭᠠᠳᠤ ᠡᠳᠡᠭᠡᠳ ᠲᠠᠢ ᠰᠠᠨᠠᠭᠠᠨ ᠠᠴᠠ ᠭᠠᠳᠠᠭᠤᠷ ᠰᠢᠷᠬᠠᠳᠤᠭᠰᠠᠨ ᠠᠳᠡᠯ ᠭᠡᠮᠳᠤᠯ  ᠂ ᠡᠮᠴᠢᠯᠡᠭᠡᠨ ᠤ ᠠᠳᠡᠯ‌‍ᠭᠡᠮᠳᠤᠯ  ᠂  ᠭᠠᠯᠪᠢᠷ ᠵᠠᠰᠠᠬᠤ ᠵᠢᠰᠤ ᠭᠤᠶᠤᠯᠠᠬᠤ ᠡᠮᠴᠢᠯᠡᠭᠡ ᠵᠡᠷᠭᠡ︔     ︵ᠬᠤᠶᠠᠷ︶ ᠭᠠᠳᠠᠭᠠᠳᠤ ᠳᠤ ᠪᠤᠶᠤ ᠰᠢᠶᠠᠩᠭᠠᠩ᠂ ᠤᠤᠮᠧᠨ᠂ ᠲᠠᠶᠢᠸᠠᠨ ᠳᠤ ᠡᠮᠴᠢᠯᠡᠬᠦᠯᠦᠭᠰᠡᠨ︔     ︵ᠭᠤᠷᠪᠠ︶ ᠰᠤᠶᠢᠳᠬᠡᠯ ᠲᠤᠰᠢᠶᠠᠭᠰᠠᠨ ᠦᠭᠡᠢ᠂ ᠬᠠᠤᠯᠢ ᠵᠦᠷᠢᠴᠡᠭᠰᠡᠨ ᠵᠡᠷᠭᠡ ᠰᠢᠯᠳᠠᠭᠠᠨ ᠲᠠᠭᠠᠳᠬᠠᠯ  ᠵᠤᠭᠰᠤᠭᠰᠠᠨ  ᠦᠶ᠎ᠠ ᠳᠤ ᠡᠬᠦᠰᠦᠭᠰᠡᠨ ᠡᠮᠴᠢᠯᠡᠭᠡᠨ ᠤ ᠵᠠᠷᠤᠳᠠᠯ︔     ︵ᠲᠦᠷᠪᠡ︶ ᠡᠮᠨᠡᠯᠭᠡ ᠶᠢᠨ ᠲᠠᠭᠠᠳᠬᠠᠯ ᠤᠨ  ᠲᠤᠭᠳᠠᠭᠰᠠᠨ ᠡᠮᠴᠢᠯᠡᠭᠡᠨ ᠤ ᠪᠠᠶᠢᠭᠤᠯᠤᠮᠵᠢ ᠪᠤᠰᠤ ᠭᠠᠵᠠᠷ ᠡᠮᠴᠢᠯᠡᠬᠦᠯᠦᠭᠰᠡᠨ ︵ᠪᠠᠴᠢᠮ ᠡᠮᠨᠡᠯᠭᠡ᠂  ᠠᠪᠤᠷᠠᠯᠳᠠ ᠵᠡᠷᠭᠡ ᠠᠴᠠ ᠭᠠᠳᠠᠨ᠎ᠠ︶ ᠰᠤᠶᠢᠳᠬᠡᠯ︔     ︵ᠲᠠᠪᠤ︶ ᠤᠷᠤᠨ ᠤ ᠭᠠᠳᠠᠨᠠᠬᠢ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠡᠮᠴᠢᠯᠡᠬᠦᠯᠵᠤ᠂ ᠲᠤᠭᠳᠠᠭᠠᠯ ᠶᠤᠰᠤᠭᠠᠷ ᠰᠢᠯᠵᠢᠨ ᠤᠨᠤᠰᠢᠯᠡᠭᠤᠯᠬᠤ ᠰᠢᠯᠵᠢᠨ ᠡᠮᠴᠢᠯᠡᠬᠦᠯᠬᠦ ᠭᠠᠷ ᠬᠦᠢᠴᠡᠳᠭᠡᠯ ᠬᠢᠭᠰᠡᠨ ᠦᠭᠡᠢ ᠡᠮᠨᠡᠯᠭᠡ ᠳᠤ ᠰᠠᠭᠤᠬᠤ ᠰᠤᠶᠢᠳᠬᠡᠯ      ︵ᠵᠢᠷᠭᠤᠭ᠎ᠠ︶  ᠢᠳᠡᠭᠡᠮᠵᠢ ᠦᠭᠡᠢ ᠲᠠᠮᠳᠡᠭᠯᠡᠯ᠂ ᠬᠠᠷ᠎ᠠ ᠨᠡᠷᠡᠰ ᠤᠨ ᠵᠢᠭᠰᠭᠠᠯᠳᠠ ᠳᠤ ᠤᠷᠤᠭᠰᠠᠨ ᠪᠤᠶᠤ ᠮᠤᠵᠢᠭᠤᠳᠯᠠᠨ ᠰᠤᠶᠢᠳᠭᠡᠯ ᠲᠤᠰᠢᠶᠠᠬᠤ ᠠᠴᠠ ᠵᠠᠶᠢᠯᠠᠭᠰᠠᠨ ᠲᠡᠮᠳᠡᠭᠯᠡᠯ ᠲᠠᠢ ᠪᠠᠶᠢᠬᠤ︔      ︵ᠲᠤᠯᠤᠭ᠎ᠠ︶ ᠪᠤᠰᠤᠳ ᠬᠠᠤᠯᠢ  ᠲᠤᠭᠳᠠᠭᠠᠯ ᠳᠤ ᠲᠤᠭᠳᠠᠭᠠᠭᠰᠠᠨ ᠡᠮ ᠡᠮᠨᠡᠯᠭᠡ ᠶᠢᠨ ᠲᠠᠭᠠᠳᠬᠠᠯ ᠤᠨ ᠦᠭᠴᠤ ᠪᠤᠯᠬᠤ ᠦᠭᠡᠢ ᠡᠮ ᠡᠮᠨᠡᠯᠭᠡ ᠶᠢᠨ ᠰᠤᠶᠢᠳᠬᠡᠯ᠃      ᠲᠠᠪᠤᠳᠤᠭᠠᠷ ᠪᠦᠯᠦᠭ   ᠠᠪᠤᠷᠠᠨ ᠲᠡᠳᠬᠦᠬᠦ ᠲᠡᠰ ᠲᠠᠷᠠᠭᠠᠯᠠᠯ      ᠠᠷᠪᠠᠨ ᠵᠢᠷᠭᠤᠳᠤᠭᠠᠷ ᠪᠦᠯᠦᠭ   ᠭᠤᠶᠤᠴᠢᠯᠠᠯ᠄ ᠲᠤᠰ ᠬᠦᠮᠦᠨ ᠪᠤᠶᠤ ᠴᠢᠰᠤᠨ ᠲᠦᠷᠦᠯ ᠨᠢ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠠᠯᠪᠠᠨ ᠭᠡᠷ ᠲᠤ ᠠᠪᠤᠷᠠᠨ ᠲᠡᠳᠬᠦᠬᠦ ᠭᠤᠶᠤᠴᠢᠯᠠᠯ ᠡᠷᠬᠦᠵᠤ᠂ ︽ᠶᠤᠸᠠᠨ ᠪᠤᠤ ᠱᠠᠨ ᠲᠤᠭᠤᠷᠢᠭ ᠤᠨ  ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠭᠤᠶᠤᠴᠢᠯᠠᠬᠤ ᠬᠦᠰᠦᠨᠦᠭ︾᠎ ᠢ ᠲᠠᠭᠯᠠᠨ᠎ᠠ︔ ᠭᠤᠶᠤᠴᠢᠯᠠᠭᠴᠢ ᠨᠢ ᠪᠡᠶ᠎ᠡ ᠎ ᠶᠢᠨ ᠦᠨᠡᠮᠯᠡᠯ᠂ ᠡᠷᠦᠭᠡ ᠠᠮᠠ ᠶᠢᠨ ᠲᠡᠪᠳᠡᠷ ᠤᠨ ᠤᠭ ᠮᠠᠲ᠋ᠧᠷᠢᠶᠠᠯ ᠵᠢᠴᠢ  ᠲᠠᠷᠤᠮᠠᠯᠯᠠᠯ ︽ᠶᠠᠳᠠᠭᠤ ᠬᠦᠴᠢᠷᠳᠠᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠺᠠᠷᠲ︾ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠡᠮ ᠡᠮᠨᠡᠯᠭᠡ ᠶᠢᠨ ᠲᠠᠭᠠᠳᠬᠠᠯ ᠤᠨ ᠲᠠᠰᠤᠯᠤᠨ  ᠪᠤᠳᠤᠬᠤ ᠪᠠᠷᠢᠮᠳᠠ ᠬᠠᠭᠤᠳᠠᠰᠤ᠂ ᠠᠷᠠᠳ ᠤᠨ ᠶᠠᠪᠤᠳᠠᠯ ᠵᠢᠴᠢ ᠪᠤᠰᠤᠳ ᠠᠪᠤᠷᠠᠨ ᠲᠤᠰᠠᠯᠠᠬᠤ ᠪᠠ ᠲᠠᠭᠠᠳᠬᠠᠯ ᠤᠨ ᠲᠠᠩᠰᠠᠨ ᠎ ᠠᠴᠠ ᠲᠠᠶᠢᠯᠬᠤ ᠭᠡᠷᠡᠴᠢ ᠪᠠᠷᠢᠮᠳᠠ᠂ ᠪᠦᠳᠦᠭᠡᠨ ᠪᠠᠶᠢᠭᠤᠯᠤᠯᠳᠠ ᠶᠢᠨ ᠪᠠᠩᠬᠢ ᠶᠢᠨ ᠳ᠋ᠤᠭᠠᠷᠯᠠᠯ ᠢ ᠬᠠᠩᠭᠠᠬᠤ ᠭᠡᠷᠡᠭᠳᠡᠢ      ᠠᠷᠪᠠᠨ ᠲᠤᠯᠤᠳᠤᠭᠠᠷ ᠵᠤᠷᠪᠤᠰ    ᠴᠠᠭ ᠤᠨ ᠬᠢᠵᠠᠭᠠᠷ      ︵ᠨᠢᠭᠡ︶2017 ᠤᠨ ᠳᠤ ᠲᠤᠰ ᠵᠢᠯ ᠤᠨ 9 ᠰᠠᠷ᠎ᠠ ᠶᠢᠨ1᠎ ᠠᠴᠠ ᠰᠡᠬᠦᠯᠡᠷ ᠭᠠᠷᠤᠭᠰᠠᠨ ᠡᠮ ᠡᠮᠨᠡᠯᠭᠡ ᠎ ᠶᠢᠨ ᠰᠤᠶᠢᠳᠬᠡᠯ ᠪᠠᠷ ᠪᠠᠷᠢᠮᠵᠢᠶ᠎ᠠ ᠪᠤᠯᠭᠠᠨ᠎ᠠ᠃      ︵ᠬᠤᠶᠠᠷ︶ ᠨᠢᠭᠡ ᠵᠢᠯ ᠤᠨ ᠨᠢᠭᠡ ᠤᠳᠠᠭ᠎ᠠ ᠪᠤᠶᠤ ᠤᠯᠠᠨ ᠤᠳᠠᠭ᠎ᠠ ᠡᠮᠨᠡᠯᠭᠡ ᠳᠤ ᠰᠠᠭᠤᠵᠤ ᠡᠮᠴᠢᠯᠡᠬᠦᠯᠦᠭᠰᠡᠨ ︵ᠡᠬᠦᠳᠡᠨ ᠡᠮᠨᠡᠯᠭᠡ ᠶᠢᠨ ᠬᠦᠨᠳᠤ ᠡᠪᠡᠳᠴᠢᠳᠡᠨ︶ ᠰᠤᠶᠢᠳᠬᠡᠯ ᠢ ᠲᠤᠰ ᠵᠢᠯ ᠤᠨ ᠠᠪᠤᠷᠠᠨ ᠲᠤᠰᠠᠯᠠᠬᠤ ᠳᠤ ᠪᠤᠳᠤᠵᠤ᠂  ᠵᠢᠯ ᠠᠯᠭᠠᠰᠠᠭᠰᠠᠨ ᠨᠢᠭᠡ ᠤᠳᠠᠭ᠎ᠠ ᠪᠤᠶᠤ ᠤᠯᠠᠨ ᠤᠳᠠᠭ᠎ᠠ ᠶᠢᠨ ᠡᠮᠨᠡᠯᠭᠡ ᠳᠤ ᠰᠠᠭᠤᠵᠤ ᠡᠮᠴᠢᠯᠡᠬᠦᠯᠦᠭᠰᠡᠨ ︵ᠡᠬᠦᠳᠡᠨ ᠡᠮᠨᠡᠯᠭᠡ ᠶᠢᠨ ᠬᠦᠨᠳᠤ ᠡᠪᠡᠳᠴᠢᠳᠡᠨ︶ ᠰᠤᠶᠢᠳᠬᠡᠯ ᠢ ᠲᠠᠷᠠᠭ᠎ᠠ ᠵᠢᠯ ᠤᠨ ᠠᠪᠤᠷᠠᠨ ᠲᠤᠰᠠᠯᠠᠬᠤ ᠳᠤ ᠤᠷᠤᠭᠤᠯᠤᠨ᠎ᠠ᠃     ︵ᠭᠤᠷᠪᠠ︶ ᠠᠪᠤᠷᠠᠨ ᠲᠤᠰᠠᠯᠠᠬᠤ ᠡᠳᠡᠭᠡᠳ ᠡᠮ ᠡᠮᠨᠡᠯᠭᠡ ᠶᠢᠨ ᠪᠠᠶᠢᠭᠤᠯᠤᠮᠵᠢ ᠳᠤ ᠨᠢᠭᠡ ᠰᠠᠷ᠎ᠠ ᠶᠢᠨ ᠲᠤᠳᠤᠷ᠎ᠠ ᠭᠤᠶᠤᠴᠢᠯᠠᠯ ᠭᠠᠷᠭᠠᠵᠤ᠂  ᠬᠠᠮᠤᠭ  ᠬᠤᠵᠢᠮᠳᠠᠬᠤ ᠳᠠᠭᠠᠨ ᠲᠤᠰ ᠵᠢᠯ ᠤᠨ 12 ᠰᠠᠷ᠎ᠠ ᠶᠢᠨ ᠡᠴᠤᠰ ᠎ ᠠᠴᠠ ᠭᠡᠳᠦᠷᠡᠬᠦᠯᠵᠤ ᠪᠤᠯᠬᠤ ᠦᠭᠡᠢ᠃     ᠠᠷᠪᠠᠨ ᠨᠠᠢᠮᠠᠳᠤᠭᠠᠷ ᠵᠤᠷᠪᠤᠰ᠄ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠰᠠᠭᠤᠷᠢ ᠮᠦᠩᠬᠦᠨ ᠤ ᠠᠯᠪᠠᠨ ᠭᠡᠷ ᠨᠢ ᠠᠪᠤᠷᠠᠨ ᠲᠤᠰᠠᠯᠠᠬᠤ ᠡᠳᠡᠭᠡᠳ ᠤᠨ ᠮᠡᠳᠡᠬᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠠᠪᠤᠷᠠᠨ ᠲᠤᠰᠠᠯᠠᠬᠤ ᠨᠦᠬᠦᠴᠡᠯ ᠳᠤ ᠲᠤᠬᠢᠷᠭᠰᠠᠨ ᠪᠤᠯ᠂ ᠡᠮᠨᠡᠯᠭᠡ ᠶᠢᠨ ᠲᠠᠭᠠᠳᠬᠠᠯ᠂ ᠠᠷᠠᠳ ᠤᠨ ᠶᠠᠪᠤᠳᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠢᠬᠦᠯᠡᠰᠦᠩᠬᠦᠢ ᠶᠢᠨ  ᠡᠪᠯᠡᠯ᠂ ᠵᠡᠮᠳᠡᠭᠴᠤᠳ ᠤᠨ  ᠬᠤᠯᠪᠤᠭ᠎ᠠ ᠵᠡᠷᠭᠡ ᠰᠠᠯᠠᠭ᠎ᠠ ᠮᠦᠴᠢᠷ ᠲᠤ ᠬᠢᠨᠠᠨ ᠬᠠᠷᠭᠤᠭᠤᠯᠤᠭᠰᠠᠨ ᠤ ᠲᠠᠷᠠᠭ᠎ᠠ᠂  ᠵᠤᠬᠢᠰᠳᠠᠢ ᠬᠠᠷᠢᠴᠠᠯ ᠢᠶᠠᠷ ᠠᠪᠤᠷᠠᠨ ᠲᠤᠰᠠᠯᠠᠬᠤ ᠮᠦᠩᠬᠦ ᠲᠤᠭᠳᠠᠭᠠᠵᠤ᠂ ᠠᠪᠤᠷᠠᠨ ᠲᠤᠰᠠᠯᠠᠬᠤ ᠨᠦᠬᠦᠴᠡᠯ ᠳᠤ ᠲᠤᠬᠢᠷᠠᠬᠤ ᠦᠭᠡᠢ ᠪᠤᠯ ᠰᠢᠯᠳᠠᠭᠠᠨ ᠢ  ᠲᠤᠳᠤᠷᠬᠠᠶᠢᠯᠠᠵᠤ ᠪᠤᠴᠠᠭᠠᠨ᠎ᠠ᠃      ᠠᠷᠪᠠ ᠶᠢᠰᠤᠳᠦᠭᠡᠷ ᠵᠤᠷᠪᠤᠰ    ᠠᠪᠤᠷᠠᠨ ᠲᠤᠰᠠᠯᠠᠬᠤ᠄ ᠠᠪᠤᠷᠠᠨ ᠲᠤᠰᠠᠯᠠᠬᠤ ᠡᠳᠡᠭᠡᠳ  ᠲᠤᠭᠤᠷᠢᠭ  ᠎ ᠶᠢᠨ ᠲᠤᠳᠤᠨ᠎ᠠ᠂  ᠬᠤᠳᠠ ᠶᠢᠨ ᠲᠤᠳᠤᠨ᠎ᠠ ᠲᠤᠭᠳᠠᠭᠰᠠᠨ ᠡᠮᠨᠡᠯᠭᠡ ᠶᠢᠨ ᠪᠠᠶᠢᠭᠤᠯᠤᠮᠵᠢ ᠳᠤ ᠰᠠᠭᠤᠵᠤ ᠡᠮᠴᠢᠯᠡᠬᠦᠯᠦᠭᠰᠡᠨ ᠪᠤᠯ ᠤᠷᠢᠳᠠᠪᠡᠷ ᠬᠤᠳᠠ ᠬᠦᠳᠡᠭᠡ ᠶᠢᠨ ᠰᠠᠭᠤᠭᠠᠯᠢ ᠠᠷᠠᠳ  ᠎ ᠤᠨ ᠦᠨᠳᠤᠰᠤᠨ ᠡᠮ ᠡᠮᠨᠡᠯᠭᠡ ᠶᠢᠨ ᠲᠠᠭᠠᠳᠬᠠᠯ᠂ ᠬᠦᠨᠳᠤ ᠡᠪᠡᠳᠴᠢᠨ ᠤ ᠡᠮᠨᠡᠯᠭᠡ ᠶᠢᠨ ᠲᠠᠭᠠᠳᠬᠠᠯ ᠢᠶᠠᠷ ᠲᠠᠰᠤᠯᠤᠨ ᠪᠤᠳᠤᠭᠤᠯᠵᠤ  ᠂  ᠲᠤᠭᠳᠠᠭᠰᠠᠨ ᠡᠮᠨᠡᠯᠭᠡ ᠶᠢᠨ ᠪᠠᠶᠢᠭᠤᠯᠤᠮᠵᠢ ᠠᠴᠠ ᠲᠠᠰᠤᠯᠤᠨ ᠪᠤᠳᠤᠭᠰᠠᠨ ᠬᠠᠭᠤᠳᠠᠰᠤ ᠭᠠᠷᠭᠠᠵᠤ ᠦᠭᠬᠦᠨ᠎ᠡ᠃ ᠠᠪᠤᠷᠠᠨ ᠲᠤᠰᠠᠯᠠᠬᠤ ᠡᠳᠡᠭᠡᠳ ᠬᠤᠳᠠ ᠤᠨ ᠭᠠᠳᠠᠨ᠎ᠠ ᠡᠮᠨᠡᠯᠭᠡ ᠶᠢᠨ ᠪᠠᠶᠢᠭᠤᠯᠤᠮᠵᠢ ᠳᠤ ᠰᠠᠭᠤᠵᠤ  ᠤᠨᠤᠰᠢᠯᠠᠭᠤᠯᠵᠤ ᠡᠮᠴᠢᠯᠡᠬᠦᠯᠦᠭᠰᠡᠨ ᠤ ᠲᠠᠷᠠᠭ᠎ᠠ ᠂   ᠲᠤᠭᠤᠷᠢᠭ  ᠎ ᠤᠨ ᠡᠮ ᠡᠮᠨᠡᠯᠭᠡ ᠶᠢᠨ ᠲᠠᠭᠠᠳᠬᠠᠯ ᠤᠨ ᠦᠢᠯᠡᠴᠢᠯᠡᠭᠡᠨ ᠤ ᠲᠠᠩᠬᠢᠮ ᠤᠨ ᠬᠤᠳᠠ ᠬᠦᠳᠡᠭᠡ ᠶᠢᠨ ᠡᠮ ᠡᠮᠨᠡᠯᠭᠡ ᠶᠢᠨ ᠲᠠᠭᠠᠳᠬᠠᠯ ᠤᠨ ᠦᠢᠯᠡᠴᠢᠯᠡᠭᠡᠨ ᠤ ᠴᠤᠩᠬᠤᠷᠠᠭ ᠲᠤ ᠭᠤᠶᠤᠴᠢᠯᠠᠬᠤ ᠲᠠᠰᠤᠯᠤᠨ ᠪᠤᠳᠤᠬᠤ ᠭᠠᠷ ᠬᠦᠢᠴᠡᠳᠭᠡᠯ ᠬᠢᠵᠤ᠂ 2 ᠰᠠᠷ᠎ᠠ ᠶᠢᠨ ᠲᠠᠷᠠᠭ᠎ᠠ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠳᠠ ᠶᠢᠨ ᠲᠤᠪᠴᠢᠶᠠᠨ  ᠎ ᠠᠴᠠ ᠲᠠᠰᠤᠯᠤᠨ ᠪᠤᠳᠤᠭᠰᠠᠨ ᠪᠠᠷᠢᠮᠳᠠ ᠭᠠᠷᠭᠠᠨ᠎ᠠ᠃ ᠠᠪᠤᠷᠠᠨ ᠲᠤᠰᠠᠯᠠᠬᠤ ᠡᠳᠡᠭᠡᠳ ᠬᠠᠮᠢᠶ᠎ᠠ ᠪᠦᠬᠦᠢ ᠮᠠᠲ᠋ᠧᠷᠢᠶᠠᠯ ᠎ ᠢᠶᠠᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠲᠠᠰᠤᠯᠤᠨ ᠪᠤᠳᠤᠬᠤ ᠲᠦᠪ ︽ᠨᠢᠭᠡ ᠦᠷᠳᠡᠭᠡ ᠮᠠᠶ᠋ᠢᠭ︾ ᠠᠪᠤᠷᠠᠨ  ᠲᠤᠰᠠᠯᠠᠯᠳᠠ ᠠᠪᠤᠨ᠎ᠠ᠃ ︽ᠨᠢᠭᠡ ᠦᠷᠳᠡᠭᠡ ᠮᠠᠶ᠋ᠢᠭ︾ ᠎ ᠤᠨ ᠲᠠᠰᠤᠯᠤᠨ ᠪᠤᠳᠤᠬᠤ ᠲᠦᠪ ᠢ ᠤᠯᠠᠭᠠᠨᠬᠠᠳᠠ ᠶᠢᠨ ᠪᠤᠤ ᠱᠠᠨ ᠡᠮᠨᠡᠯᠭᠡ ᠳᠤ  ᠲᠤᠬᠢᠷᠠᠭᠤᠯᠤᠪᠠ᠃ ᠡᠯ᠎ᠡ  ᠰᠠᠯᠠᠭ᠎ᠠ ᠮᠦᠴᠢᠷ ᠨᠢ ᠲᠠᠩᠰᠠᠯᠠᠵᠤ ᠺᠠᠷᠲᠯᠠᠭᠰᠠᠨ ᠬᠦᠮᠦᠰ ᠢ ᠠᠪᠤᠷᠠᠨ ᠲᠤᠰᠠᠯᠠᠬᠤ ᠶᠢ ᠤᠯᠠᠭᠠᠨᠬᠠᠳᠠ ᠶᠢᠨ ᠪᠤᠤ ᠱᠠᠨ ᠡᠮᠨᠡᠯᠭᠡ ᠲᠤᠰᠬᠠᠢ ᠬᠦᠮᠦᠨ ᠬᠠᠷᠢᠭᠤᠴᠠᠨ ᠨᠢᠭᠡᠳᠤᠯᠳᠠᠢ ᠬᠦᠢᠴᠡᠳᠭᠡᠨ᠎ᠡ  ᠃ ᠠᠷᠠᠳ ᠤᠨ ᠶᠠᠪᠤᠳᠠᠯ  ᠂ ᠬᠤᠳᠠᠯᠳᠤᠭᠠᠨ ᠎ ᠤ ᠨᠦᠬᠦᠪᠦᠷᠢ ᠲᠠᠭᠠᠳᠬᠠᠯ᠂  ᠵᠡᠮᠳᠡᠭᠴᠤᠳ ᠤᠨ  ᠬᠤᠯᠪᠤᠭ᠎ᠠ᠂  ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠢᠬᠦᠯᠡᠰᠦᠩᠬᠦᠢ ᠶᠢᠨ ᠶᠡᠷᠦᠩᠬᠡᠢ ᠡᠪᠯᠡᠯ ᠲᠡᠰ ᠲᠠᠷᠠᠭᠠᠯᠠᠨ ᠠᠪᠤᠷᠠᠨ ᠲᠤᠰᠠᠯᠠᠭᠰᠠᠨ ᠤ ᠲᠠᠷᠠᠭ᠎ᠠ᠂  ᠬᠠᠮᠤᠭ ᠰᠡᠬᠦᠯ ᠳᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠎ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦ ᠪᠠᠷ ᠠᠪᠤᠷᠠᠨ ᠲᠤᠰᠠᠯᠠᠨ᠎ᠠ᠃      ᠵᠢᠷᠭᠤᠳᠤᠭᠠᠷ ᠪᠦᠯᠦᠭ   ᠠᠵᠢᠯ ᠤᠨ ᠲᠤᠰᠢᠶᠠᠯ ᠬᠠᠷᠢᠭᠤᠴᠠᠯᠭ᠎ᠠ      ᠬᠤᠷᠢᠳᠤᠭᠠᠷ ᠵᠤᠷᠪᠤᠰ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠵᠢᠨ‌ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠠᠵᠢᠯ ᠳᠤ ᠵᠠᠰᠠᠭ ᠤᠨ ᠤᠷᠳᠤᠨ ᠭᠤᠤᠯᠯᠠᠬᠤ ᠶᠢ ᠭᠡᠷᠡᠭᠵᠢᠬᠦᠯᠵᠤ᠂ ᠡᠯ᠎ᠠ ᠰᠠᠯᠠᠭ᠎ᠠ ᠮᠦᠴᠢᠷ ᠬᠤᠪᠢ ᠬᠤᠪᠢᠨ ᠤ ᠡᠬᠦᠷᠭᠡ ᠲᠤᠰᠢᠶᠠᠯ ᠢᠶᠠᠨ ᠬᠦᠢᠴᠡᠳᠭᠡᠵᠤ ᠬᠠᠷᠢᠭᠤᠴᠠᠯᠭ᠎ᠠ ᠡᠬᠦᠷᠬᠦ ᠭᠡᠷᠡᠭᠳᠡᠢ᠃ ᠡᠮ ᠡᠮᠨᠡᠯᠡᠭᠡ ᠶᠢᠨ ᠠᠪᠤᠷᠠᠨ  ᠵᠠᠰᠠᠯᠳᠠ᠂  ᠲᠠᠩᠰᠠᠨ ᠠᠴᠠ ᠲᠠᠶᠢᠯᠬᠤ᠂  ᠠᠪᠤᠷᠠᠨ ᠲᠤᠰᠠᠯᠠᠬᠤ᠂  ᠶᠠᠳᠠᠭᠤ ᠶᠢ ᠲᠡᠳᠬᠦᠨ ᠬᠤᠯᠪᠤᠭᠠᠯᠠᠨ ᠬᠦᠳᠡᠯᠬᠦ  ᠲᠤᠭᠳᠠᠴᠠ‌‍ᠶᠢ ᠪᠠᠶᠢᠭᠤᠯᠵᠤ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠠᠵᠢᠯ ᠢ ᠡᠮᠬᠢ ᠲᠠᠷᠠᠭ᠎ᠠ ᠲᠠᠢ ᠭᠡᠷᠡᠭᠵᠢᠬᠦᠯᠦᠨ᠎ᠠ᠃      ᠡᠳ᠋ ᠤᠨ ᠵᠠᠰᠠᠭ ᠤᠨ ᠰᠠᠯᠠᠭ᠎ᠠ ᠮᠦᠴᠢᠷ  ᠡᠳ᠋ ᠤᠨ ᠵᠠᠰᠠᠭ ᠤᠨ ᠲᠦᠰᠦᠪ ᠤᠨ ᠭᠡᠰᠡᠭ ᠢ ᠴᠠᠭ ᠲᠤᠬᠠᠢ ᠳᠤ ᠎ ᠨᠢ ᠰᠠᠭᠤᠷᠢ ᠮᠦᠩᠬᠦᠨ ᠤ ᠲᠤᠰᠬᠠᠢ ᠡᠷᠦᠭᠡ ᠳᠤ ᠤᠷᠤᠭᠤᠯᠵᠤ᠂ ᠡᠨᠡᠬᠦ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ ᠴᠢᠬᠤᠯᠠᠳᠠᠢ ᠠᠵᠢᠯ ᠤᠨ ᠵᠠᠷᠤᠳᠠᠯ ᠢ  ᠲᠤᠬᠢᠷᠠᠭᠤᠯᠬᠤ ᠭᠡᠷᠡᠭᠳᠡᠢ᠃      ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠰᠠᠯᠠᠭ᠎ᠠ ᠮᠦᠴᠢᠷ ᠨᠢ ᠡᠮ ᠡᠮᠨᠡᠯᠭᠡ ᠶᠢᠨ ᠪᠠᠶᠢᠭᠤᠯᠤᠮᠵᠢ ᠎ ᠶᠢᠨ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ ᠴᠢᠩᠭᠠᠳᠬᠠᠵᠤ᠂ ᠲᠡᠰ ᠬᠤᠪᠢᠶᠠᠨ ᠡᠮᠨᠡᠨ ᠵᠠᠰᠠᠬᠤ ᠲᠦᠷᠢᠮ ᠢ ᠲᠤᠭᠳᠠᠭᠠᠵᠤ᠂ ᠡᠮ  ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂  ᠡᠪᠡᠳᠴᠢᠳᠡᠨ ᠤ ᠵᠦᠢᠳᠡᠢ ᠡᠮᠴᠢᠯᠡᠬᠦᠯᠬᠦ ᠶᠢ ᠬᠦᠳᠦᠯᠦᠨ ᠵᠢᠯᠤᠭᠤᠳᠴᠤ᠂ ᠡᠪᠡᠳᠴᠢᠳᠡᠨ ᠤ ᠭᠠᠳᠠᠭᠰᠢ ᠡᠮᠴᠢᠯᠡᠬᠦᠯᠬᠦ ᠶᠢ ᠴᠢᠩᠭ᠎ᠠ ᠬᠢᠵᠠᠭᠠᠷᠯᠠᠨ᠎ᠠ᠃ ᠲᠠᠩᠰᠠᠯᠠᠵᠤ ᠺᠠᠷᠲᠯᠠᠭᠰᠠᠨ ᠡᠪᠡᠳᠴᠢᠨ ᠢᠶᠠᠷ  ᠶᠠᠳᠠᠭᠤᠷᠠᠭᠰᠠᠨ ᠲᠡᠬᠢᠨ ᠶᠠᠳᠠᠭᠤᠷᠠᠭᠰᠨ ᠬᠦᠮᠦᠨ ᠢ  ᠬᠠᠷᠢᠭᠤᠴᠠᠨ  ᠰᠤᠩᠭᠤᠬᠤ ᠪᠠ ᠬᠠᠩᠭᠠᠨ᠎ᠠ᠃ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠦᠮᠦᠵᠢᠯ ᠤᠨ ᠠᠵᠢᠯ ᠢ ᠬᠠᠷᠢᠭᠤᠴᠠᠨ᠎ᠠ᠃      ᠠᠷᠠᠳ ᠤᠨ  ᠶᠠᠪᠤᠳᠠᠯ ᠤᠨ ᠰᠠᠯᠠᠭ᠎ᠠ ᠮᠦᠴᠢᠷ ᠬᠦᠨᠳᠤ ᠡᠪᠡᠳᠴᠢᠨ ᠤ ᠠᠪᠤᠷᠠᠨ ᠲᠡᠳᠬᠦᠬᠦ ᠭᠡᠯᠪᠡᠶᠢᠬᠦ ᠴᠢᠨᠠᠷᠳᠠᠢ ᠦᠭᠬᠦ ᠠᠵᠢᠯ ᠢ ᠨᠠᠶᠢᠳᠠᠪᠤᠷᠢᠵᠢᠭᠤᠯᠵᠤ  ᠂  ᠬᠦᠨᠳᠤ ᠤᠨᠴᠠᠭᠠᠢ  ᠶᠡᠭᠡ ᠡᠪᠡᠳᠴᠢᠨ ᠤ ᠠᠪᠤᠷᠠᠨ ᠲᠤᠰᠠᠯᠠᠬᠤ ᠬᠦᠴᠦᠯᠡᠴᠡ ᠶᠢ ᠲᠡᠭᠡᠭᠰᠢᠯᠡᠬᠦᠯᠤᠨ᠎ᠠ᠃ ᠨᠢᠬᠦᠯᠡᠰᠬᠦᠢ ᠶᠢᠨ ᠶᠡᠷᠦᠩᠬᠡᠢ  ᠡᠪᠯᠡᠯ  ᠲᠤᠭᠤᠷᠢᠭ  ᠎ ᠤᠨ ᠲᠤᠳᠤᠨ᠎ᠠ  ᠭᠠᠳᠠᠨᠠᠬᠢ ᠠᠵᠤ ᠠᠬᠤᠶᠢᠯᠠᠯ  ᠠᠵᠢᠯ ᠦᠢᠯᠡᠰ ᠤᠨ  ᠨᠢᠭᠡᠴᠠ᠂  ᠨᠡᠶᠢᠭᠡᠮ  ᠎ ᠤᠨ ᠵᠤᠬᠢᠶᠠᠨ ᠪᠠᠶᠢᠭᠤᠯᠤᠯᠳᠠ ᠵᠢᠴᠢ ᠬᠤᠪᠢ ᠬᠦᠮᠦᠨ ᠤ  ᠬᠠᠨᠳᠢᠪᠯᠠᠨ ᠲᠤᠰᠠᠯᠠᠬᠤ  ᠠᠵᠢᠯ ᠢ  ᠬᠠᠷᠢᠭᠤᠴᠠᠵᠤ᠂ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠵᠢᠷᠬᠢᠭᠡᠨ ᠤ ᠨᠠᠶᠢᠳᠡ ᠶᠢᠨ ᠲᠠᠪᠴᠠᠩ ᠪᠠ ᠤᠯᠠᠨ ᠲᠦᠮᠡᠨ  ᠎ ᠤ ᠬᠤᠷᠠᠮᠳᠤᠭᠤᠯᠭ᠎ᠠ ᠶᠢᠨ ᠲᠠᠪᠴᠠᠩ ᠢ  ᠪᠠᠶᠢᠭᠤᠯᠬᠤ ᠵᠡᠷᠭᠡ ᠤᠯᠠᠨ  ᠬᠡᠯᠪᠡᠷᠢ ᠮᠠᠶ᠋ᠢᠭ ᠢᠶᠠᠷ ᠨᠡᠶᠢᠭᠡᠮ ᠤᠨ ᠡᠯ᠎ᠡ  ᠡᠳᠡᠭᠡᠳ ᠤᠨ  ᠬᠠᠨᠳᠢᠪᠯᠡᠵᠤ ᠶᠠᠳᠠᠭᠤ ᠶᠢ ᠲᠡᠳᠬᠦᠬᠦ ᠶᠢ  ᠬᠦᠳᠦᠯᠦᠨ ᠲᠠᠭᠠᠭᠤᠯᠤᠨ᠎ᠠ᠃ ᠨᠢᠬᠦᠯᠡᠰᠬᠦᠢ ᠶᠢᠨ ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠠᠮᠳᠡᠭᠴᠤᠳ ᠶᠢᠨ ᠬᠤᠯᠪᠤᠭ᠎ᠠ᠂ ᠶᠠᠳᠠᠭᠤ ᠶᠢ ᠲᠡᠳᠬᠦᠬᠦ ᠠᠯᠪᠠᠨ ᠭᠡᠷ ᠦᠪᠡᠷᠰᠡᠳ ᠤᠨ  ᠡᠷᠡᠬᠦᠯ  ᠴᠢᠬᠢᠷᠠᠭ ᠢᠶᠠᠷ ᠶᠠᠳᠠᠭᠤ ᠶᠢ ᠲᠡᠳᠬᠦᠬᠦ ᠠᠵᠢᠯ ᠤᠨ ᠲᠤᠬᠢᠷᠠᠭᠤᠯᠤᠯᠳᠠ ᠪᠠᠨ ᠨᠠᠶᠢᠳᠠᠪᠤᠷᠢᠵᠢᠭᠤᠯᠵᠤ᠂  ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠰᠠᠭᠤᠷᠢ ᠮᠦᠩᠬᠦᠨ ᠤ ᠴᠤᠭᠯᠠᠭᠤᠯᠠᠬᠤ ᠠᠵᠢᠯ ᠳᠤ ᠬᠠᠪᠰᠤᠷᠤᠨ᠎ᠠ᠃ ᠡᠮ ᠡᠮᠨᠡᠯᠡᠭᠡ ᠶᠢᠨ ᠲᠠᠭᠠᠳᠬᠠᠯ ᠎ ᠤᠨ ᠬᠠᠮᠢᠶᠠᠷᠤᠯᠳᠠ ᠶᠢᠨ ᠲᠤᠪᠴᠢᠶ᠎ᠠ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠮᠴᠢᠯᠡᠬᠦᠯᠵᠤ ᠡᠮᠨᠡᠯᠭᠡ ᠳᠤ ᠰᠠᠭᠤᠭᠰᠠᠨ ᠰᠤᠶᠢᠳᠬᠡᠯ ᠤᠨ ᠲᠠᠩᠰᠠᠨ ᠠᠴᠠ ᠬᠠᠰᠤᠬᠤ᠂ ᠬᠦᠨᠳᠤ ᠡᠪᠡᠳᠴᠢᠨ ᠤ ᠲᠠᠭᠠᠳᠬᠠᠯ ᠵᠡᠷᠭᠡ ᠠᠵᠢᠯ ᠢ ᠰᠠᠶᠢᠳᠤᠷ ᠬᠢᠵᠤ᠂ ᠡᠬᠢᠯᠡᠵᠤ ᠦᠭᠬᠦ ᠪᠠᠷᠢᠮᠵᠢᠶ᠎ᠠ ᠶᠢ ᠲᠤᠷᠤᠭᠰᠢᠯᠠᠭᠤᠯᠵᠤ᠂ ᠲᠠᠩᠰᠠᠨ ᠎ ᠠᠴᠠ ᠬᠠᠰᠤᠬᠤ ᠬᠠᠷᠢᠴᠠᠯ ᠢ ᠨᠡᠮᠡᠭᠳᠡᠬᠦᠯᠤᠨ᠎ᠠ᠃ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠎ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠎ ᠶᠢᠨ ᠰᠠᠭᠤᠷᠢ ᠮᠦᠩᠬᠦᠨ ᠡᠳᠤᠷ ᠲᠤᠳᠤᠮ ᠤᠨ ᠬᠢᠨᠠᠨ ᠬᠠᠷᠭᠤᠭᠤᠯᠤᠯᠳᠠ᠂  ᠲᠠᠰᠤᠯᠤᠨ ᠪᠤᠳᠤᠯᠳᠠ᠂ ᠪᠠᠭᠤᠯᠭᠠᠵᠤ ᠦᠭᠬᠦ᠂  ᠪᠦᠷᠢᠳᠬᠡᠬᠦ ᠵᠡᠷᠭᠡ ᠠᠵᠢᠯ ᠢ ᠤᠷᠤᠯᠠᠨ ᠬᠠᠮᠢᠶᠠᠷᠤᠨ᠎ᠠ᠃ ᠡᠯ᠎ᠡ ᠲᠤᠭᠳᠠᠭᠰᠠᠨ ᠴᠢᠭ ᠤᠨ ᠡᠮ ᠡᠮᠨᠡᠯᠡᠭᠡ ᠎ ᠶᠢᠨ ᠪᠠᠶᠢᠭᠤᠯᠤᠮᠵᠢ  ᠎ ᠶᠢᠨ ᠤᠨᠤᠪᠴᠢᠳᠠᠢ  ᠵᠠᠰᠠᠯᠳᠠ ᠡᠮ ᠭᠡᠷᠡᠭᠯᠡᠬᠦ ᠶᠢ ᠬᠢᠨᠠᠨ᠎ᠠ᠃      ᠶᠠᠳᠠᠭᠤ ᠶᠢ ᠲᠡᠳᠬᠦᠬᠦ ᠰᠠᠯᠠᠭ᠎ᠠ ᠮᠦᠴᠢᠷ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠎ ᠶᠢᠨ ᠲᠤᠳᠤᠷᠬᠠᠶᠢᠯᠠᠬᠤ ᠠᠵᠢᠯ ᠢ  ᠰᠠᠶᠢᠳᠤᠷ ᠬᠢᠵᠤ᠂  ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠨᠡᠷᠡᠰ ᠢ ᠬᠠᠩᠭᠠᠨ᠎ᠠ᠃      ᠬᠢᠨᠠᠨ ᠪᠤᠳᠤᠬᠤ ᠰᠠᠯᠠᠭ᠎ᠠ ᠮᠦᠴᠢᠷ ᠡᠷᠡᠬᠦᠯ ᠴᠢᠬᠢᠷᠠᠭ ᠢᠶᠠᠷ  ᠶᠠᠳᠠᠭᠤ ᠶᠢ ᠲᠡᠳᠬᠦᠬᠦ ᠰᠠᠭᠤᠷᠢ ᠮᠦᠩᠬᠦ ᠶᠢᠨ ᠭᠡᠷᠡᠭᠯᠡᠯᠳᠡ ᠳᠤ ᠬᠢᠨᠠᠨ ᠪᠤᠳᠤᠬᠤ ᠬᠢᠨᠠᠯᠳᠠ ᠲᠠᠯᠪᠢᠬᠤ ᠶᠢ ᠴᠢᠩᠭᠠᠳᠬᠠᠨ᠎ᠠ᠃      ᠤᠯᠠᠭᠠᠨᠬᠠᠳᠠ ᠬᠤᠳᠠ ᠶᠢᠨ ᠪᠤᠤ ᠱᠠᠨ ᠡᠮᠨᠡᠯᠭᠡ ᠶᠢᠨ ᠬᠤᠷᠢᠶ᠎ᠠ ᠠᠪᠤᠷᠠᠨ ᠲᠤᠰᠠᠯᠠᠬᠤ ᠡᠳᠡᠭᠡᠳ ᠤᠨ  ᠭᠠᠳᠠᠭᠰᠢ ᠰᠢᠯᠵᠢᠬᠦᠯᠬᠦ ᠠᠵᠢᠯ ᠢ ᠬᠠᠷᠢᠭᠤᠴᠠᠵᠤ᠂ ᠠᠪᠤᠷᠠᠨ ᠲᠤᠰᠠᠯᠠᠬᠤ ᠡᠳᠡᠭᠡᠳ ᠡᠪᠡᠳᠴᠢᠨ ᠤ ᠰᠢᠯᠳᠠᠭᠠᠨ ᠢᠶᠠᠷ  ᠲᠡᠭᠡᠳᠤ ᠱᠠᠳᠤᠨ ᠤ ᠡᠮᠨᠡᠯᠡᠭᠡ ᠶᠢᠨ  ᠪᠠᠶᠢᠭᠤᠯᠤᠮᠵᠢ ᠳᠤ ᠡᠮᠴᠢᠯᠡᠬᠦᠯᠬᠦ ᠳᠤ ᠤᠯᠠᠭᠠᠨᠬᠠᠳᠠ ᠬᠤᠳᠠ ᠶᠢᠨ ᠪᠤᠤ ᠱᠠᠨ ᠡᠮᠨᠡᠯᠭᠡ ᠶᠢᠨ ᠬᠤᠷᠢᠶ᠎ᠠ ᠲᠡᠰ ᠲᠠᠷᠠᠭᠠᠯᠠᠯ ᠶᠤᠰᠤᠭᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂  ᠰᠠᠭᠤᠷᠢ ᠮᠦᠩᠬᠦᠨ ᠎ ᠤ ᠬᠠᠮᠢᠶᠠᠷᠤᠯᠳᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠮᠡᠳᠡᠬᠦᠯᠵᠤ ᠬᠢᠨᠠᠨ ᠵᠦᠪᠰᠢᠶᠡᠷᠡᠬᠦᠯᠤᠨ᠎ᠠ᠃ ᠠᠪᠤᠷᠠᠨ ᠵᠠᠰᠠᠬᠤ ᠶᠠᠪᠤᠴᠠ ᠳᠤ ᠤᠨᠤᠪᠴᠢᠳᠠᠢ ᠡᠮ ᠭᠡᠷᠡᠭᠯᠡᠵᠤ᠂ ᠡᠮ ᠡᠮᠨᠡᠯᠭᠡ ᠶᠢᠨ ᠲᠠᠭᠠᠳᠬᠠᠯ ᠳᠤ ᠲᠤᠭᠳᠠᠭᠠᠭᠰᠠᠨ ᠡᠮ ᠤᠨ ᠵᠤᠶᠢᠯ᠂  ᠡᠮᠴᠢᠯᠡᠭᠡᠨ ᠤ ᠵᠤᠶᠢᠯ᠂  ᠦᠢᠯᠡᠴᠢᠯᠡᠭᠡᠨ ᠤ ᠲᠦᠬᠦᠭᠡᠷᠦᠮᠵᠢ ᠪᠠᠷ ᠡᠮᠴᠢᠯᠡᠬᠦ ᠭᠡᠷᠡᠭᠳᠡᠢ᠃      ᠡᠯ᠎ᠡ ᠨᠢᠭᠡᠴᠢ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ ᠤ ᠴᠤᠭᠯᠠᠭᠤᠯᠬᠤ᠂ ᠠᠪᠤᠷᠠᠨ ᠲᠤᠰᠠᠯᠠᠬᠤ ᠪᠠᠶᠢᠳᠠᠯ ᠢ ᠲᠤᠭᠳᠠᠮᠠᠯ ᠬᠤᠷᠢᠶᠠᠩᠭᠤᠶᠢᠯᠠᠨ  ᠳ᠋ᠦᠩᠨᠡᠵᠤ ᠰᠠᠭᠤᠷᠢ ᠮᠦᠩᠬᠦᠨ ᠤ ᠤᠳᠤᠷᠢᠳᠬᠤ ᠲᠤᠭᠤᠶᠢᠯᠠᠩ  ᠎ ᠤᠨ ᠠᠯᠪᠠᠨ ᠭᠡᠷ ᠲᠤ ᠦᠭᠬᠦᠨ᠎ᠡ᠃      ᠲᠤᠯᠤᠳᠤᠭᠠᠷ ᠪᠦᠯᠦᠭ  ᠠᠵᠢᠯ ᠤᠨ ᠱᠠᠭᠠᠷᠳᠠᠯᠭ᠎ᠠ      ᠬᠤᠷᠢᠨ ᠨᠢᠭᠡᠳᠤᠭᠡᠷ ᠵᠤᠷᠪᠤᠰ  ᠲᠤᠭᠤᠷᠢᠭ ‍ᠤᠨ‌ᠵᠠᠰᠠᠭ  ᠎ ᠤᠨ ᠤᠷᠳᠤᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠠᠵᠢᠯ ᠢ ᠪᠦᠬᠦ ᠲᠤᠭᠤᠷᠢᠭ ᠤᠨ  ᠠᠵᠤ ᠠᠬᠤᠢ ᠨᠡᠶᠢᠭᠡᠮ ᠤᠨ  ᠬᠦᠭᠵᠢᠯᠳᠡ ᠤᠨ  ᠲᠦᠯᠦᠪᠵᠢᠬᠦᠯᠭᠡ ᠳᠤ ᠤᠷᠤᠭᠤᠯᠵᠤ᠂ ᠪᠦᠬᠦ ᠲᠤᠭᠤᠷᠢᠭ ᠤᠨ  ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠬᠠᠷᠠᠯᠳᠠ ᠶᠢ ᠪᠡᠶᠡᠯᠡᠬᠦᠯᠬᠦ ᠴᠢᠬᠤᠯᠠ ᠠᠷᠭ᠎ᠠ ᠭᠡᠮᠵᠢᠶ᠎ᠠ ᠪᠤᠯᠭᠠᠨ᠎ᠠ᠃     ᠬᠤᠷᠢᠨ ᠬᠤᠶᠠᠳᠤᠭᠠᠷ ᠵᠤᠷᠪᠤᠰ   ᠡᠳ᠋ ᠤᠨ ᠵᠰᠠᠭ᠂  ᠠᠷᠠᠳ ᠤᠨ  ᠶᠠᠪᠤᠳᠠᠯ᠂  ᠶᠠᠳᠠᠭᠤ ᠶᠢ ᠲᠡᠳᠬᠦᠬᠦ᠂  ᠡᠷᠡᠬᠦᠯ  ᠬᠠᠮᠠᠭᠠᠯᠠᠬᠤ᠂ ᠡᠮ ᠡᠮᠨᠡᠯᠭᠡ ᠶᠢᠨ ᠲᠠᠭᠠᠳᠬᠠᠯ ᠵᠡᠷᠭᠡ ᠰᠠᠯᠠᠭ᠎ᠠ ᠮᠦᠴᠢᠷ ᠡᠨᠡᠬᠦ ᠠᠵᠢᠯ ᠢ  ᠴᠢᠬᠤᠯᠠ ᠵᠦᠪᠯᠡᠬᠦ ᠵᠤᠶᠢᠯ ᠳᠤ ᠤᠷᠤᠭᠤᠯᠵᠤ᠂  ᠤᠳᠤᠷᠢᠳᠤᠯᠭ᠎ᠠ ᠪᠡᠶᠡᠳᠡᠨ ᠠᠳᠬᠤᠵᠤ  ᠵᠤᠬᠢᠴᠠᠭᠤᠯᠵᠤ ᠬᠠᠮᠵᠢᠯᠴᠠᠬᠤ ᠠᠵᠢᠯ ᠎ ᠢ  ᠰᠠᠶᠢᠳᠤᠷ ᠬᠢᠬᠦ ᠭᠡᠷᠡᠭᠳᠡᠢ᠃ ᠭᠤᠭᠴᠤᠭ᠎ᠠ ᠪᠦᠷᠢ ᠶᠢᠨ ᠠᠵᠢᠯ ᠢ ᠪᠦᠳᠦᠮᠵᠢᠳᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠭᠡᠷᠡᠭᠳᠡᠢ᠃ ᠨᠢᠭᠡᠳᠤᠭᠡᠷ ᠹᠠᠷᠦᠨᠲ ᠲᠤ ᠬᠦᠨᠵᠡᠭᠡᠶᠢᠷᠠᠨ ᠪᠠᠶᠢᠴᠠᠭᠠᠨ ᠰᠤᠳᠤᠯᠤᠯᠳᠠ ᠬᠢᠵᠤ᠂ ᠪᠠᠳᠤᠯᠠᠭ᠎ᠠ ᠶᠢᠨ  ᠶᠠᠪᠤᠴᠠ ᠳᠤ ᠤᠷᠤᠰᠢᠵᠤ ᠪᠠᠶᠢᠭ᠎ᠠ ᠠᠰᠠᠭᠤᠳᠠᠯ ᠢ  ᠴᠠᠭ  ᠲᠤᠬᠠᠢ ᠳᠤ ᠨᠢ ᠰᠤᠳᠤᠯᠤᠨ ᠰᠢᠢᠳᠪᠦᠷᠢᠯᠡᠬᠦ  ᠭᠡᠷᠡᠭᠳᠡᠢ᠃     ᠬᠤᠷᠢᠨ ᠭᠤᠷᠪᠠᠳᠤᠭᠠᠷ ᠵᠤᠷᠪᠤᠰ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠵᠤᠷᠢᠯᠭ᠎ᠠ᠂ ᠠᠴᠢ ᠬᠤᠯᠪᠤᠭᠳᠠᠯ ᠪᠠ ᠭᠡᠷᠡᠭᠵᠢᠬᠦᠯᠬᠦ ᠠᠷᠭ᠎ᠠ ᠶᠢ ᠬᠦᠨᠵᠡᠭᠡᠢ ᠤᠬᠠᠭᠤᠯᠤᠨ ᠭᠡᠷᠡᠭᠵᠢᠬᠦᠯᠵᠤ᠂  ᠰᠤᠨᠢᠨ ᠰᠡᠳᠬᠦᠯ᠂ ᠷᠠᠳᠢᠤ᠋᠂ ᠲᠧᠯᠸᠢᠰ᠂ ᠰᠦᠯᠵᠢᠶ᠎ᠠ ᠵᠡᠷᠭᠡ ᠵᠠᠭᠤᠴᠢᠯᠠᠭᠤᠷ   ᠵᠢᠴᠢ ᠰᠤᠷᠠᠭ ᠵᠠᠩᠬᠢ ᠶᠢᠨ ᠤᠬᠤᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠲᠡᠪᠳᠡᠷ᠂ ᠮᠡᠳᠡᠬᠦᠯᠬᠦ ᠺᠠᠷᠲ ᠵᠡᠷᠭᠡ ᠤᠯᠠᠨ ᠨᠡᠶᠢᠳᠡ ᠶᠢᠨ ᠦᠵᠡᠵᠤ ᠰᠤᠨᠤᠰᠬᠤ ᠲᠤᠷᠠᠳᠠᠢ ᠠᠷᠭ᠎ᠠ ᠵᠠᠮ  ᠪᠠ ᠭᠡᠯᠪᠡᠷᠢ ᠎ ᠶᠢ ᠠᠰᠢᠭᠯᠠᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠡᠷᠦᠭᠡ  ᠪᠤᠯᠭᠠᠨ ᠳᠤ ᠬᠦᠮᠦᠨ ᠪᠦᠷᠢ ᠳᠤ ᠮᠡᠳᠡᠬᠦᠯᠬᠦ ᠭᠡᠷᠡᠭᠳᠡᠢ  ᠃     ᠬᠤᠷᠢᠨ ᠲᠦᠷᠪᠡᠳᠤᠭᠡᠷ ᠵᠤᠷᠪᠤᠰ  ᠲᠤᠭᠤᠷᠢᠭ ᠤᠨ ᠰᠠᠬᠢᠯᠭ᠎ᠠ ᠪᠠᠳᠤ ᠪᠠᠶᠢᠴᠠᠭᠠᠬᠤ᠂  ᠬᠢᠨᠠᠨ ᠪᠤᠳᠤᠬᠤ ᠰᠠᠯᠠᠭ᠎ᠠ  ᠮᠦᠴᠢᠷ ᠬᠦᠮᠦᠨ ᠵᠤᠬᠢᠶᠠᠨ ᠪᠠᠶᠢᠭᠤᠯᠵᠤ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠪᠠᠳᠤᠯᠠᠭ᠎ᠠ ᠎ ᠶᠢᠨ ᠰᠠᠭᠤᠷᠢ ᠮᠦᠩᠬᠦᠨ ᠤ ᠴᠤᠭᠯᠠᠭᠤᠯᠭ᠎ᠠ᠂ ᠬᠠᠮᠢᠶᠠᠷᠤᠯᠳᠠ᠂ ᠭᠡᠷᠡᠭᠯᠡᠯᠳᠡ ᠳᠤ ᠬᠢᠨᠠᠨ ᠪᠠᠶᠢᠴᠠᠭᠠᠯᠳᠠ ᠬᠢᠵᠤ᠂ ᠬᠠᠮᠢᠶ᠎ᠠ ᠪᠦᠬᠦᠢ ᠲᠤᠭᠳᠠᠭᠠᠯ ᠶᠤᠰᠤᠭᠠᠷ ᠰᠠᠬᠢᠯᠭ᠎ᠠ ᠲᠦᠷᠢᠮ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠭᠡᠷᠡᠭᠳᠡᠢ᠃     ᠨᠠᠢᠮᠠᠳᠤᠭᠠᠷ ᠪᠦᠯᠦᠭ   ᠲᠠᠭᠠᠯᠳᠠ ᠲᠦᠷᠢᠮ     ᠬᠤᠷᠢᠨ ᠲᠠᠪᠤᠳᠤᠭᠠᠷ ᠵᠤᠷᠪᠤᠰ   ᠲᠤᠰ ᠨᠠᠷᠢᠨ ᠲᠦᠷᠢᠮ ᠢ ᠶᠤᠸᠠᠨ ᠪᠤᠤ ᠱᠠᠨ ᠲᠤᠭᠤᠷᠢᠭ ᠤᠨ  ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠡᠷᠡᠬᠦᠯ ᠴᠢᠬᠢᠷᠠᠭ ᠢᠶᠠᠷ ᠶᠠᠳᠠᠭᠤ ᠎ ᠶᠢ ᠲᠡᠳᠬᠦᠬᠦ ᠪᠦᠬᠦᠨ ᠢ ᠠᠭᠤᠳᠠᠯᠠᠬᠤ ᠪᠠᠳᠤᠯᠠᠭ᠎ᠠ ᠶᠢᠨ ᠰᠠᠭᠤᠷᠢ ᠮᠦᠩᠬᠦᠨ  ᠤ ᠤᠳᠤᠷᠢᠳᠬᠤ ᠲᠤᠭᠤᠶᠢᠯᠠᠩ ᠤᠨ  ᠠᠯᠪᠠᠨ ᠭᠡᠷ ᠬᠠᠷᠢᠭᠤᠴᠠᠨ ᠲᠠᠶᠢᠯᠪᠤᠷᠢᠯᠠᠨ᠎ᠠ᠃    ᠬᠤᠷᠢᠨ ᠵᠢᠷᠭᠤᠳᠤᠭᠠᠷ ᠵᠤᠷᠪᠤᠰ  ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠭᠠᠷᠪᠠᠯ᠂  ᠨᠠᠷᠢᠨ ᠲᠦᠷᠢᠮ ᠎ ᠳᠤ ᠵᠠᠰᠠᠪᠤᠷᠢ ᠤᠷᠤᠭᠤᠯᠤᠨ᠎ᠠ᠃    ᠬᠤᠷᠢᠨ ᠲᠤᠯᠤᠳᠤᠭᠠᠷ ᠵᠤᠷᠪᠤᠰ   ᠲᠤᠰ ᠨᠠᠷᠢᠨ ᠲᠦᠷᠢᠮ ᠢ 2017 ᠤᠨ ᠤ 9 ᠰᠠᠷ᠎ᠠ ᠶᠢᠨ1᠎ ᠠᠴᠠ ᠡᠬᠢᠯᠡᠵᠤ ᠭᠡᠷᠡᠭᠵᠢᠬᠦᠯᠤᠨ᠎ᠡ᠃                 ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ  ᠠᠷᠠᠳ ᠤᠨ                   ᠵᠠᠰᠠᠭ ᠤᠨ ᠤᠷᠳᠤᠨ ᠤ ᠠᠯᠪᠠᠨ ᠭᠡᠷ                                  2017 ᠤᠨ ᠤ 9 ᠰᠠᠷ᠎ᠠ ᠶᠢᠨ25᠎ ᠤ ᠡᠳᠤᠷ ᠲᠠᠷᠤᠮᠠᠯᠯᠠᠨ ᠲᠠᠷᠬᠠᠭᠠᠪᠠ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1