ᠲᠤᠭᠤᠷᠢᠭ ᠤᠨ  ᠠᠵᠢᠯᠴᠢᠨ ᠤ  ᠶᠡᠷᠦᠩᠬᠡᠢ ᠡᠪᠯᠡᠯ ᠨᠢ  ︽  ᠬᠦᠯᠦᠰᠦᠨ ᠠᠵᠢᠯᠴᠢᠨ ᠢ ᠬᠠᠯᠠᠮᠵᠢᠯᠠᠵᠤ᠂ ᠬᠠᠤᠯᠢ ᠳᠦᠷᠢᠮ ᠢ ᠠᠵᠤ ᠠᠬᠤᠶᠢᠯᠠᠯ ᠳᠤ ᠬᠦᠷᠭᠡᠬᠦ︾  ᠬᠠᠤᠯᠢ ᠲᠦᠭᠡᠮᠡᠯᠵᠢᠯᠡᠭᠦᠯᠬᠦ  ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2017/11/10
    ᠤᠷᠴᠢᠮ ᠤᠨ ᠡᠳᠦᠷ᠂ ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠺᠠᠳ᠋ᠷ ᠪᠤᠯᠤᠨ ᠤᠷᠢᠨ ᠬᠡᠷᠡᠭᠯᠡᠭᠰᠡᠨ ᠬᠠᠤᠯᠢᠴᠢ ᠪᠠᠷ ᠪᠦᠷᠢᠯᠳᠦᠭᠰᠡᠨ ᠬᠠᠤᠯᠢ ᠲᠦᠭᠡᠮᠡᠯᠵᠢᠯᠡᠭᠦᠯᠬᠦ  ᠤᠬᠠᠭᠤᠯᠭ᠎ᠠ ᠎ ᠶᠢᠨ ᠠᠩᠭᠢ ᠨᠢ ᠤᠯᠠᠭᠠᠨᠬᠠᠳᠠ ᠶᠢᠨ ᠾᠥᠩ ᠸᠧᠨ ᠮᠠᠰᠢᠨ  ᠴᠠᠬᠢᠯᠭᠠᠨ ᠤ ᠬᠢᠵᠠᠭᠠᠷᠲᠦ ᠺᠤᠮᠫᠠᠨᠢ ᠳᠤ ᠬᠦᠷᠴᠦ ᠬᠠᠤᠯᠢ ᠳᠦᠷᠢᠮ ᠢ ᠠᠵᠤ ᠠᠬᠤᠶᠢᠯᠠᠯ ᠳᠤ ᠬᠦᠷᠭᠡᠬᠦ ᠠᠵᠢᠯᠯᠠᠭᠠᠨ ᠦᠷᠨᠢᠭᠦᠯᠪᠡ᠃  ᠠᠵᠢᠯᠯᠠᠭᠠᠨ ᠎ ᠤ ᠳᠤᠮᠳᠠ ︽ᠠᠵᠢᠯᠴᠢᠨ ᠤ  ᠡᠪᠯᠡᠯ ᠎ ᠤᠨ ᠬᠠᠤᠯᠢ︾  ᠂ ︽ ᠬᠦᠳᠡᠯᠮᠦᠷᠢ ᠶᠢᠨ ᠬᠠᠤᠯᠢ︾᠂ ︽ ᠬᠦᠳᠡᠯᠮᠦᠷᠢ ᠶᠢᠨ ᠭᠡᠷ᠎ᠡ ᠶᠢᠨ ᠬᠠᠤᠯᠢ︾  ᠂ ︽ ᠬᠦᠳᠡᠯᠮᠦᠷᠢ ᠶᠢᠨ ᠭᠡᠷ᠎ᠡ ᠶᠢᠨ ᠬᠠᠤᠯᠢ ᠶᠢ ᠬᠡᠷᠡᠭᠵᠢᠭᠦᠯᠬᠦ ᠵᠤᠷᠪᠤᠰ︾᠂ ︽ ᠡᠮᠡᠭᠳᠡᠢ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠬᠠᠤᠯᠢ  ᠳᠦᠷᠢᠮ︾  ᠵᠡᠷᠭᠡ ᠨᠣᠮ ᠲᠡᠪᠲᠡᠷ ᠢ 650 ᠭᠠᠷᠤᠢ ᠬᠤᠪᠢ ᠲᠠᠷᠬᠠᠭᠠᠵᠤ᠂  ᠠᠵᠢᠯᠴᠢᠨ  ᠤ  ᠭᠡᠷ᠎ᠡ ᠲᠤᠭᠲᠠᠬᠤ᠂ ᠭᠡᠷ᠎ᠡ ᠪᠠᠨ ᠦᠷᠭᠦᠯᠵᠢᠯᠡᠭᠦᠯᠬᠦ᠂ ᠠᠳᠡᠯ ᠰᠢᠷᠬᠠᠳᠠᠯ ᠤᠨ ᠳᠠᠭᠠᠳᠬᠠᠯ ᠳᠤ ᠤᠷᠣᠬᠤ ᠵᠡᠷᠭᠡ ᠬᠠᠯᠠᠮᠰᠢᠯ ᠠᠰᠠᠭᠤᠳᠠᠯ ᠳᠤ ᠰᠢᠭᠤᠳ ᠬᠠᠷᠢᠭᠤᠯᠲᠠ ᠦᠭᠴᠦ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃     ᠤᠶᠢᠯᠠᠭᠠᠭᠰᠠᠨ ᠢᠶᠠᠷ᠂  ᠨᠠᠮ ᠤᠨ  ᠠᠷᠪᠠ ᠶᠢᠰᠦᠳᠦᠭᠡᠷ ᠶᠡᠭᠡ ᠬᠤᠷᠠᠯ ᠤᠨ  ᠵᠣᠷᠢᠭ ᠰᠠᠨᠠᠭ᠎ᠠ ᠶᠢ ᠲᠤᠤᠱᠯᠠᠭᠤᠯᠤᠨ  ᠬᠡᠷᠡᠭᠵᠢᠭᠦᠯᠵᠦ᠂ ᠰᠢᠨ᠎ᠡ ᠴᠠᠭ ᠦᠶ᠎ᠡ  ᠳᠤ ᠠᠵᠢᠯᠴᠢᠨ ᠤ ᠡᠪᠯᠡᠯ ᠨᠢ ᠬᠦᠯᠦᠰᠦᠨ ᠠᠵᠢᠯᠴᠢᠨ ᠳᠤ ᠦᠢᠯᠡᠴᠢᠯᠡᠬᠦ ᠠᠵᠢᠯ ᠢ  ᠤᠯᠠᠮ   ᠰᠠᠶᠢᠲᠤᠷ ᠬᠢᠬᠦ ᠶᠢᠨ ᠲᠦᠯᠦᠭᠡ᠂  ᠲᠤᠭᠤᠷᠢᠭ ᠤᠨ ᠠᠵᠢᠯᠴᠢᠨ ᠤ  ᠶᠡᠷᠦᠩᠬᠡᠢ ᠡᠪᠯᠡᠯ ᠨᠢ  ᠡᠨᠡ ᠵᠢᠯ ᠤᠨ 11 ᠰᠠᠷ᠎ᠠ ᠶᠢᠨ 1᠎ ᠠᠴᠠ 11 ᠰᠠᠷ᠎ᠠ ᠶᠢᠨ 30 ᠪᠤᠯᠲᠠᠯ᠎ᠠ ︽ ᠬᠦᠯᠦᠰᠦᠨ ᠠᠵᠢᠯᠴᠢᠨ ᠢ ᠬᠠᠯᠠᠮᠵᠢᠯᠠᠵᠤ᠂ ᠬᠠᠤᠯᠢ ᠳᠦᠷᠢᠮ ᠢ ᠠᠵᠤ ᠠᠬᠤᠶᠢᠯᠠᠯ ᠳᠤ ᠬᠦᠷᠭᠡᠬᠦ︾  ᠬᠠᠤᠯᠢ ᠲᠦᠭᠡᠮᠡᠯᠵᠢᠯᠡᠭᠦᠯᠬᠦ  ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ  ᠦᠷᠨᠢᠭᠦᠯᠬᠦ ᠪᠠᠷ ᠲᠣᠭᠲᠠᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1