ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠪᠠ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠠᠰᠢᠭᠯᠠᠨ ᠭᠠᠵᠠᠷ ᠳᠡᠭᠡᠷᠡᠬᠢ ᠭᠡᠷ ᠪᠠᠷᠢᠯᠭ᠎ᠠ᠂ ᠪᠠᠷᠢᠵᠦ ᠪᠣᠰᠬᠠᠭᠰᠠᠨ ᠵᠦᠢᠯ ᠪᠠᠶᠢᠷᠢᠯᠠᠭᠤᠯᠬᠤ ᠶᠢᠨ ᠵᠦᠪᠰᠢᠶᠡᠷᠡᠯ ᠵᠦᠢᠯᠡᠰ ᠤᠨ ᠨᠡᠷᠡᠶᠢᠳᠦᠯ
ᠨᠡᠶᠢᠲᠡᠯᠡᠭᠰᠡᠨ ᠴᠠᠭ᠄
2017/11/14
           ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠪᠠ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠠᠰᠢᠭᠯᠠᠨ ᠭᠠᠵᠠᠷ ᠳᠡᠭᠡᠷᠡᠬᠢ ᠭᠡᠷ ᠪᠠᠷᠢᠯᠭ᠎ᠠ᠂ ᠪᠠᠷᠢᠵᠦ ᠪᠣᠰᠬᠠᠭᠰᠠᠨ ᠵᠦᠢᠯ ᠪᠠᠶᠢᠷᠢᠯᠠᠭᠤᠯᠬᠤ ᠶᠢᠨ ᠵᠦᠪᠰᠢᠶᠡᠷᠡᠯ    ᠬᠠᠤᠯᠢ ᠴᠠᠭᠠᠵᠠ᠂ ᠬᠠᠤᠯᠢ ᠲᠤᠭᠲᠠᠭᠠᠯ ᠬᠢᠭᠡᠳ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠦᠨᠳᠦᠰᠦᠯᠡᠯ    ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠎ ᠶᠢᠨ ᠲᠠᠪᠢᠨ ᠲᠠᠪᠤᠳᠤᠭᠠᠷ ᠵᠦᠢᠯ᠂ ᠲᠠᠪᠢᠨ ᠵᠢᠷᠭᠤᠳᠤᠭᠠᠷ ᠵᠦᠢᠯ    ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ︾᠎ ᠤᠨ ᠭᠤᠴᠢᠳᠤᠭᠠᠷ ᠵᠦᠢᠯ    ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾᠎ ᠤᠨ ᠳᠦᠴᠢᠨ ᠬᠤᠶᠠᠳᠤᠭᠠᠷ ᠵᠦᠢᠯ᠂ ᠳᠦᠴᠢᠨ ᠭᠤᠷᠪᠠᠳᠤᠭᠠᠷ ᠵᠦᠢᠯ    ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠲᠤᠭᠲᠠᠭᠠᠯ︾᠎ ᠤᠨ ᠠᠷᠪᠠᠨ ᠲᠠᠪᠤᠳᠤᠭᠠᠷ ᠵᠦᠢᠯ    ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠳᠦᠷᠢᠮ︾᠎ ᠤᠨ ᠭᠤᠴᠢᠨ ᠳᠤᠯᠤᠳᠤᠭᠠᠷ ᠵᠦᠢᠯ    ᠵᠦᠪᠰᠢᠶᠡᠷᠡᠭᠦ ᠶᠢᠨ ᠰᠦᠢᠳᠭᠡᠯ ᠬᠤᠷᠢᠶᠠᠬᠤ ᠦᠨᠳᠦᠰᠤᠯᠡᠯ    ︵ᠨᠢᠭᠡ︶ ᠬᠦᠢᠴᠡᠳᠭᠡᠬᠦ ᠶᠠᠪᠤᠴᠠ ᠳᠤ ᠭᠠᠷᠳᠠᠮ ᠤᠨ ᠰᠦᠢᠳᠭᠡᠯ ᠬᠤᠷᠢᠶᠠᠬᠤ ᠦᠭᠡᠢ᠃   ︵ᠬᠤᠶᠠᠷ︶ ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠳᠤ᠂ ᠨᠦᠬᠦᠪᠦᠷᠢ ᠰᠦᠢᠳᠭᠡᠯ ᠬᠤᠷᠢᠶᠠᠨ᠎ᠠ᠃ ᠦᠨᠳᠦᠰᠦᠯᠡᠯ᠄    1. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠎ ᠶᠢᠨ ᠨᠠᠶᠠᠨ ᠲᠠᠪᠤᠳᠤᠭᠠᠷ ᠵᠦᠢᠯ    2. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ︾᠎ ᠤᠨ ᠭᠤᠴᠢᠨ ᠬᠤᠶᠠᠳᠤᠭᠠᠷ ᠵᠦᠢᠯ    3. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾᠎ ᠤᠨ ᠲᠠᠪᠢᠨ ᠳᠦᠷᠪᠡᠳᠦᠬᠡᠷ ᠵᠦᠢᠯ    4. ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠳᠦᠷᠢᠮ︾᠎ ᠤᠨ ᠭᠤᠴᠢ ᠶᠢᠰᠦᠳᠦᠭᠡᠷ ᠵᠦᠢᠯ    5. ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠲᠤᠭᠲᠠᠭᠠᠯ︾᠎ ᠤᠨ ᠭᠤᠴᠢᠨ ᠨᠢᠭᠡᠳᠦᠭᠡᠷ ᠵᠦᠢᠯ᠂ ᠵᠢᠷᠠᠨ ᠲᠠᠪᠤᠳᠤᠭᠠᠷ ᠵᠦᠢᠯ    6. ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠲᠢᠩᠬᠢᠮ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠠᠭᠠᠨ ᠤ ᠦᠨ᠎ᠡ ᠶᠢᠨ ᠲᠤᠪᠴᠢᠶ᠎ᠠ᠂ ᠡᠳ᠋ ᠤᠨ ᠵᠠᠰᠠᠭ ᠤᠨ ᠲᠢᠩᠬᠢᠮ ᠤᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠡᠳ᠋ ᠬᠦᠷᠦᠩᠭᠡ ᠶᠢ ᠡᠪᠳᠡᠭᠰᠡᠨ ᠡᠵᠡᠯᠡᠨ ᠬᠡᠷᠡᠭᠯᠡᠭᠰᠡᠨ ᠤ ᠲᠦᠯᠥᠪᠥᠷᠢᠯᠡᠵᠦ ᠨᠦᠬᠦᠪᠦᠷᠢᠯᠡᠬᠦ ᠲᠤᠭᠲᠠᠭᠠᠯ ᠬᠢᠭᠡᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠡᠳ᠋ ᠬᠦᠷᠦᠩᠭᠡ ᠶᠢ ᠡᠪᠳᠡᠭᠰᠡᠨ ᠡᠵᠡᠯᠡᠨ ᠬᠡᠷᠡᠭᠯᠡᠭᠰᠡᠨ ᠤ ᠲᠦᠯᠥᠪᠥᠷᠢᠯᠡᠵᠦ ᠨᠦᠬᠦᠪᠦᠷᠢᠯᠡᠬᠦ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠦᠪᠦᠷ ᠵᠠᠮ ᠲᠠᠷᠬᠠᠭᠠᠭᠰᠠᠨ ︹1998︺ 383 ᠳ᠋ᠤᠭᠠᠷ ᠲᠤᠭᠠᠲᠤ︶    ᠭᠤᠶᠤᠴᠢᠯᠠᠯ ᠢ ᠵᠦᠪᠰᠢᠶᠡᠷᠡᠬᠦ ᠨᠦᠬᠦᠴᠡᠯ    ︵ᠨᠢᠬᠡ︶ ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠦᠨᠡᠨᠬᠦ ᠴᠢᠬᠤᠯᠠᠲᠠᠢ ᠪᠠᠶᠢᠬᠤ ᠲᠦᠷᠥᠯ ᠵᠦᠢᠯ᠃    ︵ᠬᠤᠶᠠᠷ︶ ᠵᠢᠷᠤᠭ ᠲᠦᠯᠥᠪᠯᠡᠭᠡ ᠪᠠ ᠪᠠᠷᠢᠯᠭ᠎ᠠ ᠪᠠᠷᠢᠬᠤ ᠨᠢ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠬᠠᠩᠭᠠᠵᠦ᠂ ᠵᠠᠰᠠᠮᠠᠯ ᠵᠠᠮ ᠤᠨ ᠠᠶᠤᠯ ᠦᠭᠡᠢ᠂ ᠰᠠᠭᠠᠳ ᠦᠭᠡᠢ ᠨᠡᠪᠲᠡᠷᠡᠬᠦ ᠪᠠᠲᠤᠯᠠᠭ᠎ᠠ ᠶᠢᠨ ᠱᠠᠭᠠᠷᠳᠠᠯᠭ᠎ᠠ ︵ᠪᠠᠶᠢᠳᠠᠯ ᠨᠢ ᠤᠨᠴᠠᠭᠠᠢ᠂ ᠪᠤᠳᠤᠯᠢᠶᠠᠨ ᠲᠠᠢ ᠪᠤᠯ ᠪᠠᠰᠠ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠤᠶᠤ ᠦᠨᠡᠯᠡᠨ ᠵᠢᠱᠢᠭᠦᠯᠬᠦ ᠶᠢ ᠳᠠᠮᠵᠢᠭᠰᠠᠨ ᠪᠠᠶᠢᠬᠤ ᠬᠡᠷᠡᠭᠲᠠᠢ︶᠎ ᠳᠤ ᠨᠡᠶᠢᠴᠡᠭᠰᠡᠨ ᠪᠠᠶᠢᠬᠤ᠃    ︵ᠭᠤᠷᠪᠠ︶ ᠵᠠᠰᠠᠮᠠᠯ ᠵᠠᠮ ᠪᠦᠲᠦᠬᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠᠲᠠᠢ ᠦᠶ᠎ᠡ ᠳᠤ ᠬᠢᠵᠠᠭᠠᠷᠯᠠᠭᠰᠠᠨ ᠴᠠᠭ ᠬᠤᠭᠤᠴᠠᠭᠠᠨ ᠳᠤ ᠨᠦᠬᠦᠴᠡᠯ ᠦᠭᠡᠢ ᠪᠠᠷ ᠨᠤᠷᠠᠭᠠᠬᠤ ᠪᠠ ᠦᠬᠡᠷᠡᠴᠢᠯᠡᠨ ᠪᠠᠶᠢᠭᠤᠯᠬᠤ ᠶᠢ ᠭᠤᠶᠤᠴᠢᠯᠠᠭᠴᠢ ᠵᠦᠪᠰᠢᠶᠡᠷᠡᠬᠦ᠃    ︵ᠳᠦᠷᠪᠡ︶ ᠵᠠᠰᠠᠮᠠᠯ ᠵᠠᠮ ᠤᠨ ᠡᠳ᠋ ᠬᠦᠷᠦᠩᠭᠡ ᠶᠢ ᠡᠪᠳᠡᠭᠰᠡᠨ᠂ ᠡᠵᠡᠯᠡᠨ ᠬᠡᠷᠡᠭᠯᠡᠭᠰᠡᠨ ᠤ ᠨᠦᠬᠦᠪᠥᠷᠢ ᠰᠦᠢᠳᠭᠡᠯ ᠢ ᠦᠪᠡᠷᠲᠡᠭᠡᠨ ᠵᠠᠰᠠᠬᠤ ᠤᠷᠤᠨ ᠤ ᠰᠦᠢᠳᠭᠡᠯ ᠬᠤᠷᠢᠶᠠᠬᠤ ᠪᠠᠷᠢᠮᠵᠢᠶ᠎ᠠ ᠶᠤᠰᠤᠭᠠᠷ ᠲᠦᠰᠢᠶᠠᠬᠤ ᠶᠢ ᠭᠤᠶᠤᠴᠢᠯᠠᠭᠴᠢ ᠵᠦᠪᠰᠢᠶᠡᠷᠡᠬᠦ᠃    ᠲᠤᠰᠢᠶᠠᠬᠤ ᠴᠢᠬᠤᠯᠠᠲᠠᠢ ᠭᠤᠶᠤᠴᠢᠯᠠᠯ ᠤᠨ ᠮᠠᠲ᠋ᠧᠷᠢᠶᠠᠯ    ︵ᠨᠢᠭᠡ︶ ᠭᠤᠶᠤᠴᠢᠯᠠᠯ ᠤᠨ ᠪᠢᠴᠢᠭ ᠮᠠᠲ᠋ᠧᠷᠢᠶᠠᠯ︔    ︵ᠬᠤᠶᠠᠷ︶ ᠵᠠᠰᠠᠮᠠᠯ ᠵᠠᠮ ᠤᠨ ᠬᠠᠮᠢᠶᠠᠷᠤᠯᠲᠠ ᠶᠢᠨ ᠵᠠᠰᠠᠭ ᠵᠠᠬᠢᠷᠠᠭᠠᠨ ᠤ ᠵᠦᠪᠰᠢᠶᠡᠷᠡᠯ ᠤᠨ ᠭᠤᠶᠤᠴᠢᠯᠠᠯ ᠤᠨ ᠬᠦᠰᠦᠨᠦᠭᠲᠦ ︵ᠭᠤᠶᠤᠴᠢᠯᠠᠬᠤ ᠰᠢᠯᠲᠠᠭᠠᠨ᠂ ᠪᠠᠷᠢᠯᠭ᠎ᠠ ᠪᠠᠷᠢᠬᠤ ᠬᠤᠭᠤᠴᠠᠭ᠎ᠠ ᠬᠢᠵᠠᠭᠠᠷ᠂ ᠭᠠᠵᠠᠷ ︵ᠵᠠᠰᠠᠮᠠᠯ ᠵᠠᠮ ᠤᠨ ᠨᠡᠷᠡᠶᠢᠳᠦᠯ᠂ ᠡᠬᠢᠯᠡᠯ ᠲᠡᠭᠦᠰᠭᠡᠯ ᠤᠨ ᠱᠣᠩ ᠤᠨ ᠳ᠋ᠤᠭᠠᠷ ᠵᠡᠷᠭᠡ︶᠂ ᠠᠶᠤᠯ ᠦᠭᠡᠢ ᠶᠢ ᠪᠠᠲᠤᠯᠠᠬᠤ ᠠᠷᠭ᠎ᠠ ᠬᠡᠮᠵᠢᠶ᠎ᠠ᠂ ᠵᠠᠰᠠᠮᠠᠯ ᠵᠠᠮ ᠢ ᠰᠡᠷᠭᠦᠭᠡᠨ ᠵᠠᠰᠠᠬᠤ ᠪᠠ ᠦᠭᠡᠷᠡᠴᠢᠯᠡᠨ ᠪᠠᠶᠢᠭᠤᠯᠬᠤ ᠠᠷᠭ᠎ᠠ ᠬᠡᠮᠵᠢᠶ᠎ᠡ︶᠃    ︵ᠭᠤᠷᠪᠠ︶ ᠭᠤᠶᠤᠴᠢᠯᠠᠬᠤ ᠨᠢᠬᠡᠴᠡ ︵ᠬᠤᠪᠢ ᠬᠦᠮᠦᠨ︶᠎ ᠶᠢᠨ ᠬᠢᠷᠢ ᠬᠡᠮ ᠤᠨ ᠬᠡᠷᠡᠴᠢ ︵ᠡᠵᠡᠩᠨᠡᠯᠲᠡ ᠶᠢᠨ ᠴᠢᠨᠠᠷᠲᠠᠢ ᠵᠤᠬᠢᠶᠠᠨ ᠪᠠᠶᠢᠭᠤᠯᠤᠯᠲᠠ ᠪᠣᠯ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ ᠢᠶᠠᠨ ᠬᠠᠨᠭ᠍ᠭᠠᠨ᠎ᠠ︔ ᠨᠡᠶᠢᠭᠡᠮ ᠪᠦᠯᠬᠦᠮ ᠪᠣᠯ ᠪᠦᠷᠢᠳᠭᠡᠯᠭᠡᠭᠰᠡᠨ ᠬᠡᠷᠡᠴᠢ ᠪᠢᠴᠢᠭ ᠢᠶᠠᠨ ᠬᠠᠨᠭ᠍ᠭᠠᠨ᠎ᠠ︔ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠪᠣᠯ ᠨᠢᠭᠡᠴᠡ ᠵᠢᠨ‌ᠣᠷᠣᠯᠠᠬᠤ ᠲᠡᠮᠳᠡᠭ ᠢᠶᠠᠨ ᠬᠠᠨᠭ᠍ᠭᠠᠨ᠎ᠠ︔ ᠪᠠᠶᠢᠭᠠᠯᠢ ᠬᠦᠮᠦᠨ ᠪᠣᠯ ᠪᠡᠶ᠎ᠡ ᠶᠢᠨ ᠦᠨᠡᠮᠯᠡᠯ ᠢᠶᠠᠨ ᠬᠠᠨᠭ᠍ᠭᠠᠨ᠎ᠠ︶᠎ ᠶᠢᠨ ᠤᠭ ᠵᠦᠢᠯ ᠬᠢᠭᠡᠳ ᠬᠠᠭᠤᠯᠪᠤᠷᠢ︔    ︵ᠳᠦᠷᠪᠡ︶ ᠪᠦᠲᠦᠭᠡᠨ ᠪᠠᠶᠢᠭᠤᠯᠬᠤ ᠲᠦᠷᠦᠯ ᠵᠦᠢᠯ ᠢ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠬᠢᠭᠡᠳ ᠪᠠᠷᠢᠯᠭ᠎ᠠ ᠶᠢᠨ ᠵᠢᠷᠤᠭ ᠲᠦᠯᠦᠪᠯᠡᠭᠡ᠂ ᠪᠠᠷᠢᠯᠭ᠎ᠠ ᠪᠠᠷᠢᠬᠤ ᠲᠦᠰᠦᠯ ︵ᠵᠢᠷᠤᠭ︶᠃    ︵ᠲᠠᠪᠤ︶ ᠪᠠᠷᠢᠯᠭ᠎ᠠ ᠪᠠᠷᠢᠬᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ ᠲᠦᠰᠦᠯ ᠤᠨ ᠲᠤᠪᠬᠢᠮᠠᠯ ︵ᠪᠠᠷᠢᠯᠭ᠎ᠠ ᠶᠢᠨ ᠲᠤᠪᠴᠢ ᠲᠠᠨᠢᠯᠴᠠᠭᠤᠯᠭ᠎ᠠ᠂ ᠪᠤᠳᠠᠲᠠᠢ ᠠᠵᠢᠯ ᠬᠢᠬᠦ ᠭᠠᠵᠠᠷ᠂ ᠲᠦᠯᠦᠪᠯᠡᠭᠰᠡᠨ ᠠᠬᠢᠴᠠ ᠬᠢᠭᠡᠳ ᠪᠠᠷᠢᠯᠭ᠎ᠠ ᠪᠠᠷᠢᠬᠤ ᠬᠤᠭᠤᠴᠠᠭ᠎ᠠ ᠬᠢᠵᠠᠭᠠᠷ᠂ ᠵᠠᠰᠠᠮᠠᠯ ᠵᠠᠮ ᠯᠤᠭ᠎ᠠ ᠬᠠᠮᠢᠶ᠎ᠠ ᠲᠠᠢ ᠨᠠᠷᠢᠨ ᠵᠢᠷᠤᠭ᠂ ᠵᠠᠰᠠᠮᠠᠯ ᠵᠠᠮ ᠬᠢᠭᠡᠳ ᠳᠠᠭᠠᠯᠲᠠ ᠪᠡᠯᠡᠳᠭᠡᠮᠵᠢ ᠶᠢᠨ ᠬᠢᠨᠢ ᠠᠶᠤᠯ ᠦᠭᠡᠢ ᠶᠢᠨ ᠪᠠᠲᠤᠯᠠᠭ᠎ᠠ ᠪᠠᠭᠲᠠᠨ᠎ᠠ︶︔    ︵ᠵᠢᠷᠭᠤᠭ᠎ᠠ︶ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠵᠦ ᠦᠭᠭᠦᠭᠰᠡᠨ ᠲᠤᠬᠠᠢ ᠶᠢᠨ ᠲᠠᠯᠠᠪᠠᠢ ᠳᠤ ᠬᠠᠶᠢᠨ ᠪᠠᠶᠢᠴᠠᠭᠠᠭᠰᠠᠨ ᠮᠠᠲ᠋ᠧᠷᠢᠶᠠᠯ᠃    ︵ᠳᠤᠯᠤᠭ᠎ᠠ︶ ᠳᠤᠲᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠬᠢᠵᠦ ᠦᠭᠭᠦᠭᠰᠡᠨ ᠠᠶᠤᠯ ᠦᠭᠡᠢ ᠶᠢ ᠦᠨᠡᠯᠡᠨ ᠵᠢᠱᠢᠭᠰᠡᠨ ᠮᠠᠲ᠋ᠧᠷᠢᠶᠠᠯ᠃    ︵ᠨᠠᠢᠮᠠ︶ ᠵᠠᠰᠠᠮᠠᠯ ᠵᠠᠮ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠᠲᠠᠢ ᠦᠶ᠎ᠡ ᠳᠤ ᠬᠢᠵᠠᠭᠠᠷᠯᠠᠭᠰᠠᠨ ᠴᠠᠭ ᠬᠤᠭᠤᠴᠠᠭᠠᠨ ᠳᠤ ᠨᠦᠬᠦᠴᠡᠯ ᠦᠭᠡᠢ ᠪᠠᠷ ᠨᠤᠷᠠᠭᠠᠬᠤ ᠪᠤᠶᠤ ᠦᠭᠡᠷᠡᠴᠢᠯᠡᠨ ᠪᠠᠶᠢᠭᠤᠯᠬᠤ ᠶᠢ ᠵᠦᠪᠰᠢᠶᠡᠷᠡᠭᠰᠡᠨ ᠠᠮᠠᠯᠠᠯᠲᠠ ᠶᠢᠨ ᠪᠢᠴᠢᠭ᠃    ︵ᠶᠢᠰᠦ︶ ᠵᠠᠰᠠᠮᠠᠯ ᠵᠠᠮ ᠤᠨ ᠤᠤᠯ ᠤᠨ ᠮᠡᠷᠭᠡᠵᠢᠯ ᠤᠨ ᠪᠠᠷᠢᠮᠵᠢᠶ᠎ᠠ ᠠᠴᠠ ᠳᠤᠤᠷ᠎ᠠ ᠦᠭᠡᠢ ᠪᠠᠷ ᠵᠠᠰᠠᠵᠦ ᠰᠡᠷᠭᠦᠭᠡᠬᠦ ᠪᠤᠶᠤ ᠨᠦᠬᠦᠪᠦᠷᠢᠯᠡᠬᠦ ᠲᠦᠰᠦᠯ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1