︽ᠬᠢᠯᠢ ᠶᠢᠨ ᠭᠠᠳᠠᠨᠠᠬᠢ ᠺᠣᠮᠫᠠᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠭᠠᠶᠢᠯᠢ ᠲᠤᠰᠢᠶᠠᠬᠤ ᠭᠡᠷᠡᠴᠢ︾ ︵ᠭᠤᠪᠢᠭᠤᠯᠭ᠎ᠠ ᠬᠤᠳᠠᠯᠳᠤᠬᠤ ᠦᠭᠭᠦ ᠬᠡᠷᠡᠴᠢ︶
ᠨᠡᠶᠢᠲᠡᠯᠡᠭᠰᠡᠨ ᠴᠠᠭ᠄
2017/11/15
︽ᠬᠢᠯᠢ ᠶᠢᠨ ᠭᠠᠳᠠᠨᠠᠬᠢ ᠺᠣᠮᠫᠠᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠭᠠᠶᠢᠯᠢ ᠲᠤᠰᠢᠶᠠᠬᠤ ᠭᠡᠷᠡᠴᠢ︾ ︵ᠭᠤᠪᠢᠭᠤᠯᠭ᠎ᠠ ᠬᠤᠳᠠᠯᠳᠤᠬᠤ ᠦᠭᠭᠦ ᠬᠡᠷᠡᠴᠢ︶     ᠨᠢᠭᠡ᠂ ᠲᠣᠬᠠᠶᠢᠯᠠᠭᠰᠠᠨ ᠠᠵᠢᠯ ᠤᠨ ᠲᠦᠢᠮᠤ     ᠮᠠᠨ ᠤ ᠤᠯᠤᠰ ᠤᠨ ᠬᠢᠯᠢ ᠲᠣᠳᠣᠷᠠᠬᠢ ᠪᠠᠶᠢᠭᠤᠯᠤᠮᠵᠢ ︵ᠺᠣᠮᠫᠠᠨᠢ᠂ ᠠᠵᠤ ᠠᠬᠤᠶᠢᠯᠠᠯ᠂ ᠪᠠᠶᠢᠭᠤᠯᠭ᠎ᠠ ᠪᠦᠯᠬᠦᠮ ᠵᠢᠴᠢ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠢᠭᠠᠵᠤ ᠪᠤᠢ︶ ᠠᠷᠠᠯᠵᠢᠶᠠᠨ ᠤ ᠪᠤᠰᠣ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠣᠣᠷ᠎ᠠ ᠭᠤᠪᠢᠭᠤᠯᠭ᠎ᠠ ᠬᠤᠳᠠᠯᠳᠤᠨ ᠠᠪᠬᠤ ᠪᠠ ᠥᠭᠬᠦ ᠭᠠᠷᠳᠠᠮ ᠢ ᠭᠦᠢᠴᠡᠳᠬᠡᠬᠦ ᠦᠶᠡᠰ᠂ ᠭᠠᠳᠠᠭᠠᠳᠤ ᠭᠤᠪᠢᠭᠤᠯᠭ᠎ᠠ ᠶᠢᠨ ᠵᠢᠭᠠᠨ ᠲᠣᠭᠲᠠᠭᠠᠭᠰᠠᠨ ᠪᠠᠩᠬᠢ ︵ᠪᠤᠶᠤ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠬᠤᠪᠢᠶᠠᠷᠢ ᠰᠠᠯᠪᠤᠷᠢ ᠲᠣᠪᠴᠢᠶ᠎ᠠ︶᠎ ᠳᠤ ᠣᠣᠯ ᠤᠨ ᠬᠤᠯᠪᠤᠭᠳᠠᠯ ᠪᠦᠬᠦᠢ ᠬᠠᠤᠯᠢ ᠳᠦᠷᠢᠮ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠠᠮᠢᠶ᠎ᠠ ᠪᠦᠬᠦᠢ ᠪᠠᠷᠢᠮᠲᠠ ᠭᠡᠷᠡᠴᠢ ᠶᠢ ᠲᠤᠰᠢᠶᠠᠬᠤ ᠠᠴᠠ ᠭᠠᠳᠠᠨ᠎ᠠ᠂ ᠪᠠᠰᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠵᠦ ᠥᠭᠭᠦᠭᠰᠡᠨ ᠲᠤᠰ ᠲᠦᠷᠦᠯ ᠤᠨ ᠤᠷᠤᠯᠭ᠎ᠠ ᠶᠢᠨ ᠭᠠᠶᠢᠯᠢ ᠲᠤᠰᠢᠶᠠᠬᠤ ᠭᠡᠷᠡᠴᠢ᠂ ᠭᠠᠶᠢᠯᠢ ᠶᠢᠨ ᠲᠡᠮᠳᠡᠭ ᠪᠤᠶᠤ ᠭᠠᠶᠢᠯᠢ ᠠᠴᠠ ᠬᠡᠯᠲᠦᠷᠢᠭᠦᠯᠬᠦ ᠪᠢᠴᠢᠭ ᠮᠠᠲ᠋ᠧᠷᠢᠶᠠᠯ ᠵᠡᠷᠭᠡ ᠭᠠᠶᠢᠯᠢ ᠶᠢᠨ ᠶᠠᠪᠤᠳᠠᠯ ᠤᠨ ᠪᠠᠷᠢᠮᠲᠠ ᠭᠡᠷᠡᠴᠢ ᠶᠢ ᠲᠤᠰᠢᠶᠠᠨ᠎ᠠ᠃    ︽ᠬᠢᠯᠢ ᠶᠢᠨ ᠭᠠᠳᠠᠨᠠᠬᠢ ᠺᠣᠮᠫᠠᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠭᠠᠶᠢᠯᠢ ᠲᠤᠰᠢᠶᠠᠬᠤ ᠭᠡᠷᠡᠴᠢ︾᠎ ᠶᠢᠨ ᠬᠡᠷᠡᠭᠯᠡᠬᠦ ᠬᠡᠪᠴᠢᠶ᠎ᠡ᠄ ᠮᠠᠨ ᠤ ᠤᠯᠤᠰ ᠤᠨ ᠬᠢᠯᠢ ᠲᠤᠲᠤᠷ᠎ᠠ ᠰᠢᠭᠤᠳ ᠬᠥᠳᠡᠯᠮᠦᠷᠢ ᠦᠢᠯᠡᠴᠢᠯᠡᠭᠡ ᠬᠠᠩᠭᠠᠭᠠᠳ ᠣᠯᠣᠭᠰᠠᠨ ᠣᠷᠣᠯᠭ᠎ᠠ᠂ ᠲᠣᠬᠠᠶᠢᠯᠠᠪᠠᠯ ᠪᠠᠷᠢᠯᠭ᠎ᠠ᠂ ᠤᠭᠰᠠᠷᠠᠬᠤ᠂ ᠵᠢᠷᠤᠵᠤ ᠲᠥᠯᠥᠪᠯᠡᠬᠦ᠂ ᠠᠰᠠᠭᠤᠵᠤ ᠯᠠᠪᠯᠠᠬᠤ᠂ ᠣᠷᠣᠯᠠᠨ ᠭᠦᠢᠴᠡᠳᠬᠡᠬᠦ ᠵᠡᠷᠭᠡ︔ ᠮᠠᠨ ᠤ ᠤᠯᠣᠰ ᠤᠨ ᠬᠢᠯᠢ ᠲᠤᠲᠤᠷ᠎ᠠ ᠪᠠᠶᠢᠭᠤᠯᠤᠮᠵᠢ᠂ ᠲᠠᠯᠠᠪᠤᠷ ᠪᠠᠶᠢᠭᠤᠯᠤᠭᠰᠠᠨ ᠦᠭᠡᠢ ᠭᠠᠳᠠᠭᠠᠳᠤ ᠶᠢᠨ ᠠᠵᠤ ᠠᠬᠤᠶᠢᠯᠠᠯ ᠤᠨ ᠮᠠᠨ ᠤ ᠤᠯᠤᠰ ᠠᠴᠠ ᠢᠷᠡᠯᠳᠡ ᠲᠠᠢ ᠪᠠ ᠲᠡᠷᠡᠴᠢᠯᠡᠨ ᠮᠠᠨ ᠤ ᠤᠯᠤᠰ ᠤᠨ ᠭᠠᠶᠢᠯᠢ ᠶᠢᠨ ᠬᠠᠤᠯᠢ ᠶᠢᠨ ᠲᠤᠭᠳᠠᠭᠠᠯ ᠢᠶᠠᠷ ᠭᠠᠶᠢᠯᠢ ᠳᠠᠳᠠᠪᠤᠷᠢᠯᠠᠬᠤ ᠡᠯ᠎ᠡ ᠲᠦᠷᠦᠯ ᠤᠨ ᠣᠷᠣᠯᠭ᠎ᠠ᠂ ᠲᠣᠬᠠᠶᠢᠯᠠᠪᠠᠯ ᠬᠦᠦ ᠮᠥᠩᠭᠦ᠂ ᠲᠦᠷᠢᠶᠡᠰᠦᠨ ᠮᠥᠩᠭᠦ᠂ ᠣᠨᠴᠠ ᠵᠥᠪᠰᠢᠶᠡᠷᠡᠭᠰᠡᠨ ᠡᠷᠬᠡ ᠶᠢᠨ ᠬᠡᠷᠡᠭᠯᠡᠯᠳᠡ ᠶᠢᠨ ᠵᠠᠷᠤᠳᠠᠯ᠂ ᠡᠳ᠋ ᠭᠥᠷᠦᠩᠭᠡ ᠪᠠᠨ ᠰᠢᠯᠵᠢᠭᠦᠯᠦᠭᠰᠡᠨ ᠣᠷᠣᠯᠭ᠎ᠠ ᠵᠡᠷᠭᠡ ᠳᠤ ᠲᠤᠬᠢᠷᠠᠨ᠎ᠠ᠃     ᠬᠤᠶᠠᠷ᠂ ᠬᠠᠤᠯᠢ ᠴᠠᠭᠠᠵᠠ ᠶᠢᠨ ᠦᠨᠳᠦᠰᠦᠯᠡᠯ ︽ᠠᠷᠠᠯᠵᠢᠶᠠᠨ ᠤ ᠪᠤᠰᠤ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠣᠣᠷ᠎ᠠ ᠭᠤᠪᠢᠭᠤᠯᠭ᠎ᠠ ᠬᠤᠳᠠᠯᠳᠤᠬᠤ ᠥᠭᠬᠦ ᠳᠤ ᠲᠤᠰᠢᠶᠠᠬᠤ ᠭᠠᠶᠢᠯᠢ ᠶᠢᠨ ᠶᠠᠪᠤᠳᠠᠯ ᠤᠨ ᠪᠠᠷᠢᠮᠲᠠ ᠭᠡᠷᠡᠴᠢ ᠶᠢᠨ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠭᠡᠢ ᠲᠣᠪᠴᠢᠶ᠎ᠠ ᠶᠢᠨ ᠮᠡᠳᠡᠭᠳᠡᠯ︾ ︵ᠭᠤᠪᠢᠭᠤᠯᠭ᠎ᠠ ᠲᠠᠷᠬᠠᠭᠠᠭᠰᠠᠨ ︹1999︺372 ᠳ᠋ᠤᠭᠠᠷ ᠲᠣᠭᠠᠲᠤ︶     ︽ᠠᠷᠠᠯᠵᠢᠶᠠᠨ ᠤ ᠪᠤᠰᠤ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠬᠤ ᠥᠭᠬᠦ ᠳᠤ ᠲᠤᠰᠢᠶᠠᠬᠤ ᠭᠠᠶᠢᠯᠢ ᠶᠢᠨ ᠶᠠᠪᠤᠳᠠᠯ ᠤᠨ ᠪᠠᠷᠢᠮᠲᠠ ᠭᠡᠷᠡᠴᠢ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠣᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠭᠡᠢ ᠲᠣᠪᠴᠢᠶ᠎ᠠ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ᠤᠯᠤᠰ ᠭᠠᠶᠢᠯᠢ ᠲᠠᠷᠬᠠᠭᠠᠭᠰᠠᠨ ︹2000︺ 66 ᠳ᠋ᠤᠭᠠᠷ ᠲᠣᠭᠠᠲᠤ︶     ᠭᠤᠷᠪᠠ᠂ ᠭᠠᠶᠢᠯᠢ ᠲᠤᠰᠢᠶᠠᠭᠴᠢ ᠶᠢᠨ ᠲᠤᠰᠢᠶᠠᠬᠤ ᠶᠤᠰᠤᠲᠠᠢ ᠭᠤᠣᠯ ᠬᠦᠰᠦᠨᠦᠭᠲᠦ᠂ ᠬᠤᠪᠢ ︽ᠠᠷᠠᠯᠵᠢᠶᠠᠨ ᠤ ᠪᠤᠰᠤ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠣᠣᠷ᠎ᠠ ᠭᠤᠪᠢᠭᠤᠯᠭ᠎ᠠ ᠬᠤᠳᠠᠯᠳᠤᠬᠤ ᠥᠭᠬᠦ ᠳᠤ ᠭᠠᠶᠢᠯᠢ ᠶᠢᠨ ᠶᠠᠪᠤᠳᠠᠯ ᠤᠨ ᠭᠡᠷᠡᠴᠢ ᠬᠢᠯᠭᠡᠬᠦ ᠭᠤᠶᠤᠴᠢᠯᠠᠯ ᠤᠨ ᠬᠦᠰᠦᠨᠦᠭᠲᠦ︾᠂ 1 ᠬᠤᠪᠢ     ᠳᠥᠷᠪᠡ᠂ ᠭᠠᠶᠢᠯᠢ ᠲᠤᠰᠢᠶᠠᠭᠴᠢ ᠶᠢᠨ ᠲᠤᠰᠢᠶᠠᠬᠤ ᠶᠤᠰᠤᠲᠠᠢ ᠮᠠᠲ᠋ᠧᠷᠢᠶᠠᠯ     1. ᠭᠡᠷ᠎ᠡ ᠪᠤᠶᠤ ᠵᠥᠪᠯᠡᠯᠴᠡᠭᠡᠷ ᠤᠨ ᠬᠠᠭᠤᠯᠪᠤᠷᠢ     2. ᠪᠠᠷᠢᠮᠲᠠ ᠪᠤᠶᠤ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠭᠤᠪᠢᠭᠤᠯᠭ᠎ᠠ ᠥᠭᠬᠦ ᠳᠤ ᠱᠠᠭᠠᠷᠳᠠᠭᠰᠠᠨ  ᠠᠯᠪᠠᠨ ᠪᠢᠴᠢᠭ ᠤᠨ ᠬᠠᠭᠤᠯᠪᠤᠷᠢ     ᠲᠠᠪᠤ᠂ ᠭᠠᠶᠢᠯᠢ ᠲᠤᠰᠢᠶᠠᠭᠴᠢ ᠶᠢᠨ ᠲᠣᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ      ᠭᠤᠪᠢᠭᠤᠯᠭ᠎ᠠ ᠥᠭᠬᠦ ᠠᠴᠠ ᠡᠮᠦᠨ᠎ᠡ ᠭᠤᠶᠤᠴᠢᠯᠠᠨ᠎ᠠ᠃     ᠵᠢᠷᠭᠤᠭ᠎ᠠ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠠᠮᠠᠯᠳᠠᠭᠰᠠᠨ ᠴᠠᠭ ᠤᠨ ᠬᠢᠵᠠᠭᠠᠷᠬᠠᠩᠭᠠᠭᠰᠠᠨ ᠮᠠᠲ᠋ᠧᠷᠢᠶᠠᠯ ᠪᠦᠷᠢᠨ᠂ ᠲᠠᠭᠯᠠᠭᠰᠠᠨ ᠠᠭᠤᠯᠭ᠎ᠠ ᠨᠢ ᠣᠨᠣᠪᠴᠢᠲᠠᠢ᠂ ᠡᠯ᠎ᠡ ᠲᠦᠷᠦᠯ ᠤᠨ ᠭᠠᠷᠳᠠᠮ ᠭᠦᠢᠴᠡᠳ᠂ ᠬᠦᠯᠢᠶᠡᠨ ᠠᠪᠴᠤ ᠭᠦᠢᠴᠡᠳᠬᠡᠬᠦ ᠨᠥᠬᠦᠴᠡᠯ ᠳᠤ ᠨᠡᠶᠢᠴᠡᠬᠦ ᠶᠢ ᠨᠢ ᠲᠣᠬᠠᠢ ᠶᠢᠨ ᠲᠠᠯᠠᠪᠤᠷ ᠲᠤ ᠬᠦᠯᠢᠶᠡᠨ ᠠᠪᠴᠤ ᠭᠦᠢᠴᠡᠳᠬᠡᠨ᠂ 2 ᠠᠵᠢᠯᠯᠠᠬᠤ ᠡᠳᠦᠷ ᠤᠨ ᠲᠤᠳᠣᠷ᠎ᠠ ᠳᠠᠷᠠᠭᠠᠴᠢ ᠶᠢᠨ ᠠᠯᠬᠤᠮ ᠳᠤ ᠰᠢᠯᠵᠢᠭᠦᠯᠦᠨ᠎ᠡ︔ ᠲᠤᠰ ᠭᠠᠶᠢᠯᠢ ᠳᠤ ᠬᠤᠯᠪᠤᠭᠳᠠᠬᠤ ᠬᠡᠷᠡᠭ ᠶᠠᠪᠤᠳᠠᠯ ᠢ 20 ᠠᠵᠢᠯᠯᠠᠬᠤ ᠡᠳᠦᠷ ᠤᠨ ᠲᠤᠳᠤᠷ᠎ᠠ ᠭᠦᠢᠴᠡᠳᠬᠡᠵᠦ ᠳᠠᠭᠤᠰᠬᠠᠨ᠎ᠠ᠃     ᠳᠣᠯᠤᠭ᠎ᠠ᠂ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ     ︵ᠨᠢᠭᠡ︶ ᠬᠦᠯᠢᠶᠡᠨ ᠠᠪᠴᠤ ᠭᠦᠢᠴᠡᠳᠬᠡᠬᠦ ᠠᠯᠬᠤᠮ     1. ᠮᠠᠲ᠋ᠧᠷᠢᠶᠠᠯ ᠢ ᠬᠢᠨᠠᠨ ᠬᠠᠷᠭᠤᠭᠤᠯᠵᠤ᠂ ᠰᠢᠩᠭᠡᠭᠡᠨ ᠣᠷᠣᠭᠤᠯᠬᠤ     ︵1︶ ᠮᠠᠲ᠋ᠧᠷᠢᠶᠠᠯ ᠨᠢ ᠭᠦᠢᠴᠡᠳ ᠡᠰᠡᠬᠦ᠂ ᠬᠠᠤᠯᠢ ᠳᠤ ᠨᠡᠶᠢᠴᠡᠬᠦ ᠡᠰᠡᠬᠦ᠂ ᠬᠦᠴᠦᠨ ᠲᠠᠢ ᠡᠰᠡᠬᠦ ᠪᠠ ︽ᠠᠷᠠᠯᠵᠢᠶᠠᠨ ᠤ ᠪᠤᠰᠤ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠣᠣᠷ᠎ᠠ ᠭᠤᠪᠢᠭᠤᠯᠭ᠎ᠠ ᠬᠤᠳᠠᠯᠳᠤᠬᠤ ᠥᠭᠬᠦ ᠳᠤ ᠭᠠᠶᠢᠯᠢ ᠶᠢᠨ ᠶᠠᠪᠤᠳᠠᠯ ᠤᠨ ᠭᠡᠷᠡᠴᠢ ᠬᠢᠯᠭᠡᠬᠦ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠭᠰᠠᠨ ᠠᠭᠤᠯᠭ᠎ᠠ ᠨᠢ ᠪᠦᠷᠢᠨ ᠡᠰᠡᠬᠦ᠂ ᠣᠨᠤᠪᠴᠢᠲᠠᠢ ᠡᠰᠡᠬᠦ᠂ ᠭᠠᠷ ᠤᠨ ᠦᠰᠦᠭ ᠵᠢᠷᠤᠵᠦ ᠲᠠᠮᠠᠭ᠎ᠠ ᠳᠠᠷᠤᠭᠰᠠᠨ ᠨᠢ ᠪᠦᠷᠢᠨ ᠭᠦᠢᠴᠡᠳ ᠡᠰᠡᠬᠦ ᠶᠢ ᠬᠢᠨᠠᠨ ᠬᠠᠷᠭᠤᠭᠤᠯᠤᠨ᠎ᠠ︔     ︵2︶ ︽ᠠᠷᠠᠯᠵᠢᠶᠠᠨ ᠤ ᠪᠤᠰᠤ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠣᠣᠷ᠎ᠠ ᠭᠤᠪᠢᠭᠤᠯᠭ᠎ᠠ ᠬᠤᠳᠠᠯᠳᠤᠬᠤ ᠥᠭᠬᠦ ᠳᠤ ᠭᠠᠶᠢᠯᠢ ᠶᠢᠨ ᠶᠠᠪᠤᠳᠠᠯ ᠤᠨ ᠭᠡᠷᠡᠴᠢ ᠬᠢᠯᠭᠡᠬᠦ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠭᠰᠠᠨ ᠠᠭᠤᠯᠭ᠎ᠠ ᠬᠢᠭᠡᠳ ᠳᠠᠭᠠᠯᠳᠤᠭᠤᠯᠤᠨ ᠮᠡᠳᠡᠭᠦᠯᠦᠭᠰᠡᠨ ᠮᠠᠲ᠋ᠧᠷᠢᠶᠠᠯ ᠨᠢ ᠬᠠᠷᠢᠯᠴᠠᠨ ᠨᠡᠶᠢᠴᠡᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠤᠨ᠎ᠠ︔'     ︵3︶ ᠨᠥᠬᠦᠴᠡᠯ ᠳᠤ ᠨᠡᠶᠢᠴᠡᠪᠡᠯ᠂ ᠠᠵᠤ ᠠᠬᠤᠶᠢᠯᠠᠯ ᠤᠨ ᠭᠤᠶᠤᠴᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠰᠢᠩᠭᠡᠭᠡᠨ ᠣᠷᠣᠭᠤᠯᠬᠤ ᠶᠢᠨ ᠬᠠᠮᠲᠤ᠂ ︽ᠠᠯᠪᠠᠨ ᠪᠢᠴᠢᠭ ᠢ ᠬᠦᠯᠢᠶᠡᠨ ᠠᠪᠴᠣ ᠭᠦᠢᠴᠡᠳᠬᠡᠬᠦ ᠪᠤᠴᠠᠭᠠᠯ ᠪᠠᠷᠢᠮᠲᠠ︾ ︵CTAISV 2.0︶ ᠪᠤᠶᠤ ︽ᠭᠠᠶᠢᠯᠢ ᠶᠢᠨ ᠶᠠᠪᠤᠳᠠᠯ ᠤᠨ ᠠᠯᠪᠠᠨ ᠪᠢᠴᠢᠭ ᠢ ᠬᠦᠯᠢᠶᠡᠨ ᠠᠪᠬᠤ ᠮᠡᠳᠡᠭᠳᠡᠯ︾ ︵CTAISV 1.1︶ ᠬᠢᠵᠦ ᠭᠠᠶᠢᠯᠢ ᠲᠤᠰᠢᠶᠠᠭᠴᠢ ᠳᠤ ᠥᠭᠭᠦᠨ᠎ᠡ︔     ︵4︶ ᠭᠠᠶᠢᠯᠢ ᠲᠤᠰᠢᠶᠠᠭᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠤᠶᠤ ︽ᠠᠷᠠᠯᠵᠢᠶᠠᠨ ᠤ ᠪᠤᠰᠤ ᠵᠢᠴᠢ ᠬᠡᠰᠡᠭ ᠬᠥᠷᠦᠩᠭᠡ ᠶᠢᠨ ᠲᠦᠷᠦᠯ ᠵᠦᠢᠯ ᠤᠨ ᠳᠣᠣᠷ᠎ᠠ ᠭᠤᠪᠢᠭᠤᠯᠭ᠎ᠠ ᠬᠤᠳᠠᠯᠳᠤᠬᠤ ᠥᠭᠬᠦ ᠳᠤ ᠭᠠᠶᠢᠯᠢ ᠶᠢᠨ ᠶᠠᠪᠤᠳᠠᠯ ᠤᠨ ᠭᠡᠷᠡᠴᠢ ᠬᠢᠯᠭᠡᠬᠦ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠭᠰᠠᠨ ᠠᠭᠤᠯᠭ᠎ᠠ ᠨᠢ ᠲᠣᠭᠲᠠᠭᠠᠯ ᠳᠤ ᠨᠡᠶᠢᠴᠡᠬᠦ ᠦᠭᠡᠢ ᠪᠣᠯ᠂ ᠲᠣᠬᠠᠢ ᠶᠢᠨ ᠲᠠᠯᠠᠪᠤᠷ ᠲᠤ ᠭᠠᠶᠢᠯᠢ ᠲᠤᠰᠢᠶᠠᠭᠴᠢ ᠳᠤ ᠨᠢᠭᠡᠯᠡ ᠤᠳᠠᠭ᠎ᠠ ᠮᠡᠳᠡᠭᠳᠡᠵᠦ ᠨᠦᠬᠦᠪᠤᠷᠢᠯᠡᠬᠦᠯᠬᠦ ᠪᠤᠶᠤ ᠲᠠᠬᠢᠵᠦ ᠰᠢᠨ᠎ᠡ ᠪᠠᠷ ᠳᠠᠭᠯᠠᠭᠤᠯᠤᠨ ᠮᠡᠳᠡᠭᠦᠯᠦᠨ᠎ᠡ᠃     2. ᠳᠠᠷᠠᠭᠠᠴᠢ ᠶᠢᠨ ᠠᠯᠬᠤᠮ ᠳᠤ ᠰᠢᠯᠵᠢᠭᠦᠯᠬᠦ     ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯ ᠭᠠᠶᠢᠯᠢ ᠲᠤᠰᠢᠶᠠᠭᠴᠢ ᠶᠢᠨ ᠮᠡᠳᠡᠭᠦᠯᠦᠨ ᠬᠦᠷᠭᠡᠭᠰᠡᠨ ᠪᠦᠬᠦ ᠮᠠᠲ᠋ᠧᠷᠢᠶᠠᠯ ᠢ ᠳᠠᠷᠠᠭᠠᠴᠢ ᠶᠢᠨ ᠠᠯᠬᠤᠮ ᠳᠤ ᠰᠢᠯᠵᠢᠭᠦᠯᠦᠨ᠎ᠡ᠃     ︵ᠬᠤᠶᠠᠷ︶ ᠳᠠᠷᠠᠭᠠᠴᠢ ᠶᠢᠨ ᠠᠯᠬᠤᠮ     ᠳᠡᠭᠡᠷᠡᠬᠢ ᠠᠯᠬᠤᠮ ᠠᠴᠠ ᠰᠢᠯᠵᠢᠭᠦᠯᠦᠭᠰᠡᠨ ᠮᠡᠳᠡᠭᠡ ᠵᠠᠩᠭᠢ ᠶᠢᠨ ᠮᠠᠲ᠋ᠧᠷᠢᠶᠠᠯ ᠢ ᠬᠦᠯᠢᠶᠡᠨ ᠠᠪᠴᠤ᠂ ᠭᠤᠣᠯᠳᠠᠭᠤ ᠳᠣᠣᠷᠠᠬᠢ ᠠᠭᠤᠯᠭ᠎ᠠ ᠶᠢ ᠬᠢᠨᠠᠨ ᠬᠠᠷᠭᠤᠭᠤᠯᠤᠨ᠎ᠠ᠄    1. ᠳᠣᠣᠷᠠᠬᠢ ᠮᠠᠲ᠋ᠧᠷᠢᠶᠠᠯ ᠢ ᠠᠪᠴᠢᠷᠠᠨ ᠦᠵᠡᠨ᠎ᠡ᠄     ︵1︶ ᠣᠯᠵᠠᠪᠤᠷᠢ ᠶᠢᠨ ᠭᠠᠶᠢᠯᠢ ᠶᠢ ᠰᠠᠭᠤᠯᠭᠠᠨ ᠲᠤᠰᠢᠶᠠᠬᠤ ᠭᠤᠶᠤᠴᠢᠯᠠᠯ ᠤᠨ ᠬᠦᠰᠦᠨᠦᠭᠲᠦ ᠶᠢᠨ ᠮᠡᠳᠡᠭᠡ ᠵᠠᠩᠭᠢ     ︵2︶ ᠭᠠᠶᠢᠯᠢ ᠶᠢᠨ ᠲᠡᠮᠳᠡᠭ ᠤᠨ ᠮᠡᠳᠡᠭᠡ ᠵᠠᠩᠭᠢ     2. ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠦᠨᠳᠦᠰᠦᠯᠡᠨ ᠳᠣᠣᠷᠠᠬᠢ ᠠᠭᠤᠯᠭ᠎ᠠ ᠶᠢ ᠬᠢᠨᠠᠨ ᠬᠠᠷᠭᠤᠭᠤᠯᠤᠨ᠎ᠠ     ︵1︶ ᠭᠤᠶᠤᠴᠢᠯᠠᠭᠴᠢ ᠶᠢᠨ ᠭᠤᠪᠢᠭᠤᠯᠭ᠎ᠠ ᠬᠤᠳᠠᠯᠳᠤᠨ ᠠᠪᠬᠤ ᠥᠭᠬᠦ ᠴᠢᠬᠤᠯᠠᠲᠠᠢ ᠲᠦᠷᠦᠯ ᠵᠦᠢᠯ ᠠᠴᠠ ᠣᠳᠣ ᠶᠢᠨ ᠬᠡᠷᠡᠭᠵᠢᠭᠦᠯᠬᠦ ᠪᠠᠶᠢᠭ᠎ᠠ ᠭᠠᠶᠢᠯᠢ ᠶᠢᠨ ᠬᠠᠤᠯᠢ ᠶᠢᠨ ᠲᠤᠭᠳᠠᠭᠠᠯ ᠢᠶᠠᠷ ᠭᠠᠶᠢᠯᠢ ᠲᠠᠲᠠᠪᠤᠷᠢᠯᠠᠬᠤ ᠶᠤᠰᠤᠲᠠᠢ ᠡᠰᠡᠬᠦ︔     ︵2︶ ᠭᠠᠶᠢᠯᠢ ᠲᠠᠲᠠᠪᠤᠷᠢᠯᠠᠬᠤ ᠶᠤᠰᠤᠲᠠᠢ ᠳᠤᠨᠢ ᠲᠣᠭᠲᠠᠭᠠᠯ ᠶᠤᠰᠤᠭᠠᠷ ᠭᠠᠶᠢᠯᠢ ᠲᠤᠰᠢᠶᠠᠬᠤ ᠶᠢ ᠭᠦᠢᠴᠡᠳ ᠲᠤᠭ᠎ᠠ ᠪᠠᠷ ᠭᠤᠶᠤᠴᠢᠯᠠᠨ ᠮᠡᠳᠡᠭᠦᠯᠦᠭᠰᠡᠨ ᠡᠰᠡᠬᠦ︔     ︵3︶ ᠭᠡᠷ᠎ᠡ ᠪᠤᠶᠤ ᠵᠥᠪᠯᠡᠯᠴᠡᠭᠡᠷ ᠨᠢ ᠦᠨᠡᠨ ᠪᠤᠳᠠᠳᠠᠢ ᠪᠦᠭᠡᠳ ᠬᠦᠴᠦᠨ ᠲᠠᠢ ᠡᠰᠡᠬᠦ︔     ︵4︶ ᠪᠠᠷᠢᠮᠲᠠ ᠪᠤᠶᠤ ᠭᠠᠳᠠᠭᠠᠳᠤ ᠶᠢᠨ ᠪᠠᠶᠢᠭᠤᠯᠤᠮᠵᠢ ᠠᠴᠠ ᠭᠤᠪᠢᠭᠤᠯᠭ᠎ᠠ ᠥᠭᠬᠦ ᠳᠤ ᠱᠠᠭᠠᠷᠳᠠᠭᠰᠠᠨ ᠠᠯᠪᠠᠨ ᠪᠢᠴᠢᠭ ᠨᠢ ᠦᠨᠡᠨ ᠪᠤᠳᠠᠳᠠᠢ ᠪᠦᠭᠡᠳ ᠬᠦᠴᠦᠨ ᠲᠠᠢ ᠡᠰᠡᠬᠦ︔ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠨ ᠬᠢᠨᠠᠨ ᠵᠥᠪᠰᠢᠶᠡᠷᠡᠵᠦ᠂ ︽ᠬᠢᠯᠢ ᠶᠢᠨ ᠭᠠᠳᠠᠨᠠᠬᠢ ᠺᠣᠮᠫᠠᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠭᠠᠶᠢᠯᠢ ᠲᠤᠰᠢᠶᠠᠬᠤ ᠭᠡᠷᠡᠴᠢ︾᠎ ᠶᠢ ᠬᠢᠬᠦ ᠶᠢᠨ ᠬᠠᠮᠲᠤ᠂ ᠠᠯᠪᠠᠨ ᠲᠠᠮᠠᠭ᠎ᠠ ᠳᠠᠷᠤᠵᠤ᠂ ᠭᠠᠶᠢᠯᠢ ᠲᠤᠰᠢᠶᠠᠭᠴᠢ ᠳᠤ ᠨᠢᠭᠡ ᠬᠤᠪᠢ ᠥᠭᠴᠦ᠂ ᠬᠤᠯᠪᠤᠭᠳᠠᠯ ᠪᠦᠬᠦᠢ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1