︽ᠬᠢᠯᠢ ᠶᠢᠨ ᠭᠠᠳᠠᠨᠠᠬᠢ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠠᠴᠠ ᠭᠠᠶᠢᠯᠢ ᠦᠯᠦ ᠲᠠᠲᠠᠪᠤᠷᠢᠯᠠᠬᠤ ᠨᠤᠳᠠᠯᠠᠯ ᠤᠨ ᠬᠡᠷᠡᠴᠢ︾ ︵ᠭᠤᠪᠢᠭᠤᠯᠭ᠎ᠠ ᠬᠤᠳᠠᠯᠳᠤᠬᠤ ᠦᠭᠭᠦ ᠬᠡᠷᠡᠴᠢ︶
ᠨᠡᠶᠢᠲᠡᠯᠡᠭᠰᠡᠨ ᠴᠠᠭ᠄
2017/11/15
      ᠨᠢᠭᠡ᠂ ᠲᠤᠬᠠᠶᠢᠯᠠᠭᠰᠠᠨ ᠠᠵᠢᠯ ᠤᠨ ᠲᠦᠢᠮᠤᠴᠢᠯᠠᠯ     ᠮᠠᠨ ᠤ ᠤᠯᠤᠰ ᠤᠨ ᠬᠢᠯᠢ ᠳᠤᠳᠤᠷᠠᠬᠢ ᠪᠠᠶᠢᠭᠤᠯᠤᠮᠵᠢ ᠠᠷᠠᠯᠵᠢᠶᠠᠨ ᠤ ᠪᠤᠰᠤ ᠵᠢᠴᠢ ᠬᠡᠰᠡᠭ ᠬᠦᠷᠦᠩᠬᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠨ ᠠᠪᠬᠤ ᠪᠠ ᠦᠭᠭᠦ ᠭᠠᠷᠳᠠᠮ ᠢ ᠬᠦᠢᠴᠡᠳᠭᠡᠬᠦ ᠦᠶᠡᠰ᠂ ᠭᠠᠳᠠᠭᠠᠲᠤ ᠭᠤᠪᠢᠭᠤᠯᠭ᠎ᠠ ᠶᠢᠨ ᠵᠢᠭᠠᠨ ᠲᠤᠭᠳᠠᠭᠭᠠᠭᠰᠠᠨ ᠪᠠᠩᠬᠢ ︵ᠪᠤᠶᠤ ᠤᠯᠤᠰ ᠤᠨ ᠭᠠᠳᠠᠭᠠᠲᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠬᠢᠭᠡᠳ ᠬᠤᠪᠢᠶᠠᠷᠢ ᠰᠠᠯᠪᠤᠷᠢ ᠲᠤᠪᠴᠢᠶ᠎ᠠ︶᠎ ᠳᠤ ᠤᠤᠯ ᠤᠨ ᠬᠤᠯᠪᠤᠭᠳᠠᠯ ᠪᠦᠬᠦᠢ ᠬᠠᠤᠯᠢ ᠳᠦᠷᠢᠮ ᠤᠨ ᠮᠠᠲ᠋ᠧᠷᠢᠶᠠᠯ ᠳᠤ ᠲᠤᠭᠲᠠᠭᠠᠭᠰᠠᠨ ᠬᠠᠮᠢᠶ᠎ᠠ ᠪᠦᠬᠦᠢ ᠪᠠᠷᠢᠮᠲᠠ ᠬᠡᠷᠡᠴᠢ ᠶᠢ ᠲᠤᠰᠢᠶᠠᠬᠤ ᠠᠴᠠ ᠭᠠᠳᠠᠨ᠎ᠠ᠂ ᠪᠠᠰᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠵᠤ ᠦᠭᠭᠦᠭᠰᠡᠨ ᠲᠤᠰ ᠲᠦᠷᠦᠯ ᠤᠨ ᠤᠷᠤᠯᠭ᠎ᠠ ᠶᠢᠨ ᠭᠠᠶᠢᠯᠢ ᠲᠤᠰᠢᠶᠠᠬᠤ ᠬᠡᠷᠡᠴᠢ᠂ ᠭᠠᠶᠢᠯᠢ ᠶᠢᠨ ᠪᠠᠷᠢᠮᠲᠠ ᠪᠤᠶᠤ ᠭᠠᠶᠢᠯᠢ ᠠᠴᠠ ᠬᠡᠯᠲᠦᠷᠢᠬᠦᠯᠬᠦ ᠮᠠᠲ᠋ᠧᠷᠢᠶᠠᠯ ᠵᠡᠷᠭᠡ ᠭᠠᠶᠢᠯᠢ ᠶᠢᠨ ᠶᠠᠪᠤᠳᠠᠯ ᠤᠨ ᠪᠠᠷᠢᠮᠲᠠ ᠬᠡᠷᠡᠴᠢ ᠶᠢ ᠲᠤᠰᠢᠶᠠᠨ᠎ᠠ᠃    ︽ᠬᠢᠯᠢ ᠶᠢᠨ ᠭᠠᠳᠠᠨᠠᠬᠢ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠠᠴᠠ ᠭᠠᠶᠢᠯᠢ ᠦᠯᠦ ᠲᠠᠲᠠᠪᠤᠷᠢᠯᠠᠬᠤ ᠨᠤᠳᠠᠯᠠᠯ ᠤᠨ ᠬᠡᠷᠡᠴᠢ︾᠎ ᠶᠢᠨ ᠬᠡᠷᠡᠭᠯᠡᠬᠦ ᠬᠡᠪᠴᠢᠶ᠎ᠡ᠄ ᠮᠠᠨ ᠤ ᠤᠯᠤᠰ ᠤᠨ ᠬᠢᠯᠢ ᠶᠢᠨ ᠭᠠᠳᠠᠨᠠᠬᠢ ᠡᠯ᠎ᠡ ᠵᠦᠢᠯ ᠤᠨ ᠬᠦᠳᠡᠯᠮᠦᠷᠢ ᠦᠢᠯᠡᠴᠢᠯᠡᠭᠡᠨ ᠤ ᠵᠠᠷᠤᠳᠠᠯ᠂ ᠦᠢᠯᠡᠴᠢᠯᠡᠭᠡᠨ ᠤ ᠵᠠᠷᠤᠳᠠᠯ᠂ ᠬᠦᠯᠦᠰᠦᠨ ᠤ ᠵᠠᠷᠤᠳᠠᠯ᠂ ᠭᠠᠷᠳᠠᠮ ᠤᠨ ᠵᠠᠷᠤᠳᠠᠯ᠂ ᠵᠢᠱᠢᠶᠡᠯᠡᠪᠡᠯ᠂ ᠵᠠᠷ ᠮᠡᠳᠡᠭᠡᠨ ᠤ ᠵᠠᠷᠤᠳᠠᠯ᠂ ᠵᠠᠰᠠᠵᠤ ᠰᠡᠯᠪᠢᠬᠦ ᠵᠠᠷᠤᠳᠠᠯ᠂ ᠵᠢᠷᠤᠭ ᠲᠦᠯᠦᠪᠯᠡᠭᠡᠨ ᠤ ᠵᠠᠷᠤᠳᠠᠯ᠂ ᠠᠰᠠᠭᠤᠨ ᠯᠠᠪᠯᠠᠬᠤ ᠵᠠᠷᠤᠳᠠᠯ᠂ ᠤᠷᠤᠯᠠᠨ ᠭᠦᠢᠴᠡᠳᠭᠡᠬᠦ ᠵᠠᠷᠤᠳᠠᠯ᠂ ᠪᠤᠯᠪᠠᠰᠤᠷᠠᠭᠤᠯᠤᠯ ᠤᠨ ᠵᠠᠷᠤᠳᠠᠯ ᠵᠡᠷᠭᠡ ᠠᠴᠠ ᠮᠠᠨ ᠤ ᠤᠯᠤᠰ ᠤᠨ ᠤᠳᠤ ᠶᠢᠨ ᠬᠡᠷᠡᠭᠵᠢᠬᠦᠯᠵᠤ ᠪᠠᠶᠢᠭ᠎ᠠ ᠭᠠᠶᠢᠯᠢ ᠶᠢᠨ ᠬᠠᠤᠯᠢ ᠶᠢᠨ ᠲᠤᠭᠲᠠᠭᠠᠯ ᠶᠤᠰᠤᠭᠠᠷ ᠭᠠᠶᠢᠯᠢ ᠲᠠᠲᠠᠪᠤᠷᠢᠯᠠᠬᠤ ᠦᠭᠡᠢ᠃    ᠬᠤᠶᠠᠷ᠂ ᠬᠠᠤᠯᠢ ᠴᠠᠭᠠᠵᠠ ᠶᠢᠨ ᠦᠨᠳᠦᠰᠦᠯᠡᠯ    ︽ᠠᠷᠠᠯᠵᠢᠶᠠᠨ ᠤ ᠪᠤᠰᠤ ᠵᠢᠴᠢ ᠬᠡᠰᠡᠭ ᠬᠦᠷᠦᠩᠬᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠬᠤ ᠦᠭᠬᠦ ᠳᠤ ᠲᠤᠰᠢᠶᠠᠬᠤ ᠭᠠᠶᠢᠯᠢ ᠶᠢᠨ ᠶᠠᠪᠤᠳᠠᠯ ᠤᠨ ᠪᠠᠷᠢᠮᠲᠠ ᠬᠡᠷᠡᠴᠢ ᠶᠢᠨ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠭᠠᠳᠠᠭᠠᠲᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠭᠡᠢ ᠲᠤᠪᠴᠢᠶ᠎ᠠ ᠶᠢᠨ ᠮᠡᠳᠡᠭᠳᠡᠯ︾ ︵ᠭᠤᠪᠢᠭᠤᠯᠭ᠎ᠠ ᠲᠠᠷᠬᠠᠭᠠᠭᠰᠠᠨ ︹1999︺ 372 ᠳ᠋ᠤᠭᠠᠷ ᠲᠤᠭᠠᠲᠤ︶     ᠭᠤᠷᠪᠠ᠂ ᠭᠠᠶᠢᠯᠢ ᠲᠤᠰᠢᠶᠠᠭᠴᠢ ᠶᠢᠨ ᠲᠤᠰᠢᠶᠠᠬᠤ ᠭᠤᠤᠯ ᠬᠦᠰᠦᠨᠦᠭᠲᠦ ᠂ ᠬᠤᠪᠢ     ︽ᠠᠷᠠᠯᠵᠢᠶᠠᠨ ᠤ ᠪᠤᠰᠤ ᠵᠢᠴᠢ ᠬᠡᠰᠡᠭ ᠬᠦᠷᠦᠩᠬᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠬᠤ ᠦᠭᠭᠦ ᠳᠤ ᠭᠠᠶᠢᠯᠢ ᠶᠢᠨ ᠶᠠᠪᠤᠳᠠᠯ ᠤᠨ ᠬᠡᠷᠡᠴᠢ ᠬᠢᠯᠬᠡᠬᠦ ᠭᠤᠶᠤᠴᠢᠯᠠᠯ ᠤᠨ ᠬᠦᠰᠦᠨᠦᠭᠲᠦ︾᠂ 1 ᠬᠤᠪᠢ     ᠳᠦᠷᠪᠡ᠂ ᠭᠠᠶᠢᠯᠢ ᠲᠤᠰᠢᠶᠠᠭᠴᠢ ᠶᠢᠨ ᠲᠤᠰᠢᠶᠠᠬᠤ ᠴᠢᠬᠤᠯᠠᠲᠠᠢ ᠮᠠᠲ᠋ᠧᠷᠢᠶᠠᠯ     1. ᠬᠡᠷ᠎ᠡ ᠪᠤᠶᠤ ᠵᠦᠪᠯᠡᠯᠴᠡᠭᠡᠷ ᠤᠨ ᠬᠠᠭᠤᠯᠪᠤᠷᠢ     2. ᠪᠠᠷᠢᠮᠲᠠ ᠪᠤᠶᠤ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠭᠤᠪᠢᠭᠤᠯᠭ᠎ᠠ ᠦᠭᠬᠦ ᠳᠤ ᠱᠠᠭᠠᠷᠳᠠᠭᠰᠠᠨ ᠠᠯᠪᠠᠨ ᠪᠢᠴᠢᠭ ᠤᠨ ᠬᠠᠭᠤᠯᠪᠤᠷᠢ     ᠲᠠᠪᠤ᠂ ᠭᠠᠶᠢᠯᠢ ᠲᠤᠰᠢᠶᠠᠭᠴᠢ ᠶᠢᠨ ᠲᠤᠬᠠᠶᠢᠯᠠᠭᠰᠠᠨ ᠠᠵᠢᠯ ᠢ ᠬᠦᠢᠴᠡᠳᠭᠡᠬᠦ ᠴᠠᠭ ᠬᠤᠭᠤᠴᠠᠭ᠎ᠠ ᠶᠢᠨ ᠱᠠᠭᠠᠷᠳᠠᠯᠭ᠎ᠠ     ᠭᠤᠪᠢᠭᠤᠯᠭ᠎ᠠ ᠦᠭᠬᠦ ᠠᠴᠠ ᠡᠮᠦᠨ᠎ᠡ ᠭᠤᠶᠤᠴᠢᠯᠠᠨ᠎ᠠ᠃     ᠵᠢᠷᠭᠤᠭ᠎ᠠ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠠᠮᠠᠯᠳᠠᠭᠰᠠᠨ ᠴᠠᠭ ᠤᠨ ᠬᠢᠵᠠᠭᠠᠷ ᠬᠠᠨᠭ᠍ᠭᠠᠭᠰᠠᠨ ᠮᠠᠲ᠋ᠧᠷᠢᠶᠠᠯ ᠪᠦᠷᠢᠨ᠂ ᠲᠠᠭᠯᠠᠭᠰᠠᠨ ᠠᠭᠤᠯᠭ᠎ᠠ ᠨᠢ ᠤᠨᠤᠪᠴᠢᠲᠠᠢ᠂ ᠡᠯ᠎ᠡ ᠵᠦᠢᠯ ᠤᠨ ᠭᠠᠷᠳᠠᠮ ᠬᠦᠢᠴᠡᠳ᠂ ᠬᠦᠯᠢᠶᠡᠨ ᠠᠪᠴᠤ ᠬᠦᠢᠴᠡᠳᠭᠡᠬᠦ ᠨᠦᠬᠦᠴᠡᠯ ᠳᠤ ᠨᠡᠶᠢᠴᠡᠬᠦ ᠶᠢ ᠨᠢ ᠲᠤᠬᠠᠢ ᠶᠢᠨ ᠲᠠᠯᠠᠪᠤᠷ ᠲᠤ ᠬᠦᠯᠢᠶᠡᠨ ᠠᠪᠴᠤ ᠬᠦᠢᠴᠡᠳᠭᠡᠨ᠂ 2 ᠠᠵᠢᠯᠯᠠᠬᠤ ᠡᠳᠦᠷ ᠤᠨ ᠳᠤᠲᠤᠷ᠎ᠠ ᠳᠠᠷᠠᠭᠠᠴᠢ ᠶᠢᠨ ᠠᠯᠬᠤᠮ ᠳᠤ ᠰᠢᠯᠵᠢᠬᠦᠯᠦᠨ᠎ᠡ︔ ᠲᠤᠰ ᠭᠠᠶᠢᠯᠢ ᠳᠤ ᠬᠤᠯᠪᠤᠭᠳᠠᠬᠤ ᠬᠡᠷᠡᠭ ᠶᠠᠪᠤᠳᠠᠯ ᠢ 20 ᠠᠵᠢᠯᠯᠠᠬᠤ ᠡᠳᠦᠷ ᠤᠨ ᠳᠤᠲᠤᠷ᠎ᠠ ᠬᠦᠢᠴᠡᠳᠭᠡᠵᠤ ᠳᠠᠭᠤᠰᠬᠠᠨ᠎ᠠ᠃ ᠳᠤᠯᠤᠭ᠎ᠠ᠂ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ     ︵ᠨᠢᠭᠡ︶ ᠬᠦᠯᠢᠶᠡᠨ ᠠᠪᠴᠤ ᠬᠦᠢᠴᠡᠳᠭᠡᠬᠦ ᠠᠯᠬᠤᠮ     1. ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠰᠢᠩᠭᠡᠭᠡᠨ ᠤᠷᠤᠭᠤᠯᠬᠤ     ︵1︶ ᠮᠠᠲ᠋ᠧᠷᠢᠶᠠᠯ ᠨᠢ ᠬᠦᠢᠴᠡᠳ ᠡᠰᠡᠬᠦ᠂ ᠬᠠᠤᠯᠢ ᠳᠤ ᠨᠡᠶᠢᠴᠡᠭᠦ ᠡᠰᠡᠬᠦ᠂ ᠬᠦᠴᠦᠨ ᠲᠠᠢ ᠡᠰᠡᠬᠦ ᠪᠠ ︽ᠠᠷᠠᠯᠵᠢᠶᠠᠨ ᠤ ᠪᠤᠰᠤ ᠬᠢᠭᠡᠳ ᠬᠡᠰᠡᠭ ᠬᠦᠷᠦᠩᠬᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠬᠤ ᠦᠭᠭᠦ ᠳᠤ ᠭᠠᠶᠢᠯᠢ ᠶᠢᠨ ᠶᠠᠪᠤᠳᠠᠯ ᠤᠨ ᠬᠡᠷᠡᠴᠢ ᠬᠢᠯᠬᠡᠬᠦ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠭᠰᠠᠨ ᠠᠭᠤᠯᠭ᠎ᠠ ᠨᠢ ᠪᠦᠷᠢᠨ ᠡᠰᠡᠬᠦ᠂ ᠤᠨᠤᠪᠴᠢᠲᠠᠢ ᠡᠰᠡᠬᠦ᠂ ᠳᠠᠷᠤᠭᠰᠠᠨ ᠲᠠᠮᠠᠭ᠎ᠠ ᠨᠢ ᠪᠦᠷᠢᠨ ᠬᠦᠢᠴᠡᠳ ᠡᠰᠡᠬᠦ ᠶᠢ ᠬᠢᠨᠠᠨ ᠬᠠᠷᠭᠤᠭᠤᠯᠤᠨ᠎ᠠ︔     ︵2︶ ︽ᠠᠷᠠᠯᠵᠢᠶᠠᠨ ᠤ ᠪᠤᠰᠤ ᠵᠢᠴᠢ ᠬᠡᠰᠡᠭ ᠬᠦᠷᠦᠩᠬᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠬᠤ ᠦᠭᠭᠦ ᠳᠤ ᠭᠠᠶᠢᠯᠢ ᠶᠢᠨ ᠶᠠᠪᠤᠳᠠᠯ ᠤᠨ ᠬᠡᠷᠡᠴᠢ ᠬᠢᠯᠬᠡᠬᠦ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠭᠰᠠᠨ ᠠᠭᠤᠯᠭ᠎ᠠ ᠬᠢᠭᠡᠳ ᠳᠠᠭᠠᠯᠳᠠᠭᠤᠯᠤᠨ ᠮᠡᠳᠡᠭᠦᠯᠦᠭᠰᠡᠨ ᠮᠠᠲ᠋ᠧᠷᠢᠶᠠᠯ ᠨᠢ ᠬᠠᠷᠢᠯᠴᠠᠨ ᠨᠡᠶᠢᠴᠡᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠤᠨ᠎ᠠ︔     ︵3︶ ᠨᠦᠬᠦᠴᠡᠯ ᠳᠤ ᠨᠡᠶᠢᠴᠡᠪᠡᠯ᠂ ᠠᠵᠤ ᠠᠬᠤᠶᠢᠯᠠᠯ ᠤᠨ ᠭᠤᠶᠤᠴᠢᠯᠠᠯ ᠤᠨ ᠮᠡᠳᠡᠭᠡ ᠵᠠᠩᠬᠢ ᠶᠢᠨ ᠰᠢᠰᠲ᠋ᠧᠮ ᠳᠤ ᠰᠢᠩᠭᠡᠬᠡᠨ ᠤᠷᠤᠭᠤᠯᠬᠤ ᠶᠢᠨ ᠬᠠᠮᠲᠤ᠂ ᠠᠯᠪᠠᠨ ᠪᠢᠴᠢᠭ ᠢ ᠬᠦᠯᠢᠶᠠᠨ ᠠᠪᠴᠤ ᠬᠦᠢᠴᠡᠳᠭᠡᠬᠦ ᠪᠤᠴᠠᠭᠠᠯ ᠪᠠᠷᠢᠮᠲᠠ︾ ︵CTAISV2.0︶ ᠪᠤᠶᠤ ︽ᠭᠠᠶᠢᠯᠢ ᠶᠢᠨ ᠶᠠᠪᠤᠳᠠᠯ ᠤᠨ ᠠᠯᠪᠠᠨ ᠪᠢᠴᠢᠭ ᠢ ᠬᠦᠯᠢᠶᠡᠨ ᠠᠪᠬᠤ ᠮᠡᠳᠡᠭᠳᠡᠯ︾ ︵CTAISV1.1︶ ᠬᠢᠵᠤ ᠭᠠᠶᠢᠯᠢ ᠲᠤᠰᠢᠶᠠᠭᠴᠢ ᠳᠤ ᠦᠭᠭᠦᠨ᠎ᠡ︔     ︵4︶ ᠭᠠᠶᠢᠯᠢ ᠲᠤᠰᠢᠶᠠᠭᠴᠢ ᠶᠢᠨ ᠲᠤᠰᠢᠶᠠᠭᠰᠠᠨ ᠮᠠᠲ᠋ᠧᠷᠢᠶᠠᠯ ᠪᠦᠷᠢᠨ ᠬᠦᠢᠴᠡᠳ ᠪᠤᠰᠤ ᠪᠤᠶᠤ ︽ᠠᠷᠠᠯᠵᠢᠶᠠᠨ ᠤ ᠪᠤᠰᠤ ᠵᠢᠴᠢ ᠬᠡᠰᠡᠭ ᠬᠦᠷᠦᠩᠭᠡ ᠶᠢᠨ ᠲᠦᠷᠦᠯ ᠵᠦᠢᠯ ᠤᠨ ᠳᠤᠤᠷ᠎ᠠ ᠭᠤᠪᠢᠭᠤᠯᠭ᠎ᠠ ᠬᠤᠳᠠᠯᠳᠤᠬᠤ ᠦᠭᠭᠦ ᠳᠤ ᠭᠠᠶᠢᠯᠢ ᠶᠢᠨ ᠶᠠᠪᠤᠳᠠᠯ ᠤᠨ ᠬᠡᠷᠡᠴᠢ ᠬᠢᠯᠬᠡᠬᠦ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠭᠰᠠᠨ ᠠᠭᠤᠯᠭ᠎ᠠ ᠨᠢ ᠲᠤᠭᠲᠠᠭᠠᠯ ᠳᠤ ᠨᠡᠶᠢᠴᠡᠬᠦ ᠦᠭᠡᠢ ᠪᠤᠯ᠂ ᠲᠤᠬᠠᠢ ᠶᠢᠨ ᠲᠠᠯᠠᠪᠤᠷ ᠲᠤ ᠭᠠᠶᠢᠯᠢ ᠲᠤᠰᠢᠶᠠᠭᠴᠢ ᠳᠤ ᠨᠢᠭᠡᠯᠡ ᠤᠳᠠᠭ᠎ᠠ ᠮᠡᠳᠡᠭᠳᠡᠵᠦ ᠨᠦᠬᠦᠪᠤᠷᠢᠯᠡᠬᠦᠯᠬᠦ ᠪᠤᠶᠤ ᠲᠠᠬᠢᠨ ᠰᠢᠨ᠎ᠡ ᠪᠠᠷ ᠲᠠᠭᠯᠠᠨ ᠮᠡᠳᠡᠭᠦᠯᠦᠨ᠎ᠡ᠃     2. ᠳᠠᠷᠠᠭᠠᠴᠢ ᠶᠢᠨ ᠠᠯᠬᠤᠮ ᠳᠤ ᠰᠢᠯᠵᠢᠭᠦᠯᠬᠦ     ᠬᠢᠨᠠᠨ ᠬᠠᠷᠭᠤᠭᠤᠯᠤᠭᠠᠳ ᠪᠤᠷᠤᠭᠤ ᠦᠭᠡᠢ ᠪᠤᠯ ᠭᠠᠶᠢᠯᠢ ᠲᠤᠰᠢᠶᠠᠭᠴᠢ ᠶᠢᠨ ᠮᠡᠳᠡᠭᠦᠯᠦᠨ ᠬᠦᠷᠭᠡᠭᠰᠡᠨ ᠪᠦᠬᠦ ᠮᠠᠲ᠋ᠧᠷᠢᠶᠠᠯ ᠢ ᠳᠠᠷᠠᠭᠠᠴᠢ ᠶᠢᠨ ᠠᠯᠬᠤᠮ ᠳᠤ ᠰᠢᠯᠵᠢᠭᠦᠯᠦᠨ᠎ᠡ᠃     ︵ᠬᠤᠶᠠᠷ︶ ᠲᠠᠷᠠᠭᠠᠴᠢ ᠶᠢᠨ ᠠᠯᠬᠤᠮ     ᠳᠡᠭᠡᠷᠡᠬᠢ ᠠᠯᠬᠤᠮ ᠠᠴᠠ ᠰᠢᠯᠵᠢᠭᠦᠯᠦᠭᠰᠡᠨ ᠮᠡᠳᠡᠭᠡ ᠵᠠᠩᠬᠢ ᠶᠢᠨ ᠮᠠᠲ᠋ᠧᠷᠢᠶᠠᠯ ᠢ ᠬᠦᠯᠢᠶᠡᠨ ᠠᠪᠴᠤ᠂ ᠭᠤᠤᠯᠳᠠᠭᠤ ᠳᠤᠤᠷᠠᠬᠢ ᠠᠭᠤᠯᠭ᠎ᠠ ᠶᠢ ᠬᠢᠨᠠᠨ ᠬᠠᠷᠭᠤᠭᠤᠯᠤᠨ᠎ᠠ᠄     ᠭᠠᠶᠢᠯᠢ ᠦᠯᠦ ᠳᠠᠳᠠᠪᠤᠷᠢᠯᠠᠭᠤᠯᠬᠤ ᠪᠠᠷ ᠭᠤᠶᠤᠴᠢᠯᠠᠭᠰᠠᠨ ᠬᠢᠯᠢ ᠶᠢᠨ ᠭᠠᠳᠠᠨᠠᠬᠢ ᠬᠦᠳᠡᠯᠮᠦᠷᠢ ᠦᠢᠯᠡᠴᠢᠯᠡᠭᠡᠨ ᠤ ᠪᠠᠶᠢᠳᠠᠯ ᠨᠢ ᠦᠨᠡᠨ ᠪᠤᠳᠠᠲᠠᠢ ᠡᠰᠡᠬᠦ᠂ ᠤᠯᠤᠰ ᠤᠨ ᠭᠠᠶᠢᠯᠢ ᠶᠢᠨ ᠬᠠᠤᠯᠢ ᠶᠢᠨ ᠲᠤᠭᠳᠠᠭᠠᠯ ᠲᠠᠢ ᠨᠡᠶᠢᠴᠡᠬᠦ ᠡᠰᠡᠬᠦ᠃  ᠬᠢᠨᠠᠨ ᠬᠠᠷᠭᠤᠭᠤᠯᠤᠭᠰᠠᠨ ᠦᠷ᠎ᠡ ᠳ᠋ᠦᠡᠭ ᠢ ᠦᠨᠳᠦᠰᠦᠯᠡᠨ ᠬᠢᠨᠠᠨ ᠵᠦᠪᠰᠢᠶᠡᠷᠡᠵᠤ᠂ ︽ᠬᠢᠯᠢ ᠶᠢᠨ ᠭᠠᠳᠠᠨᠠᠬᠢ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠠᠴᠠ ᠭᠠᠶᠢᠯᠢ ᠦᠯᠦ ᠲᠠᠲᠠᠪᠤᠷᠢᠯᠠᠬᠤ ᠨᠤᠳᠠᠯᠠᠯ ᠤᠨ ᠬᠡᠷᠡᠴᠢ︾ ᠬᠢᠬᠦ ᠶᠢᠨ ᠬᠠᠮᠲᠤ᠂ ᠠᠯᠪᠠᠨ ᠲᠠᠮᠠᠭ᠎ᠠ ᠳᠠᠷᠤᠵᠤ᠂ ᠭᠠᠶᠢᠯᠢ ᠲᠤᠰᠢᠶᠠᠭᠴᠢ ᠳᠤ ᠨᠢᠭᠡ ᠬᠤᠪᠢ ᠦᠭᠴᠤ᠂ ᠬᠤᠯᠪᠤᠭᠳᠠᠯ ᠪᠦᠬᠦᠢ ᠮᠠᠲ᠋ᠧᠷᠢᠶᠠᠯ ᠢ ᠳᠠᠩᠰᠠ ᠡᠪᠬᠢᠮᠡᠯ ᠳᠤ ᠤᠷᠤᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1