ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶᠎ ᠶᠢ ᠮᠡᠳᠡᠭᠦᠯᠬᠦ ᠭᠠᠷᠳᠠᠮ ᠬᠢᠭᠡᠳ ᠬᠦᠢᠴᠡᠳᠭᠡᠬᠦ ᠲᠡᠰ ᠳᠠᠷᠠᠭᠠᠯᠠᠯ ︵ᠯᠠᠪᠯᠠᠬᠤ︶
ᠨᠡᠶᠢᠲᠡᠯᠡᠭᠰᠡᠨ ᠴᠠᠭ᠄
2017/11/15
          ᠨᠢᠭᠡ᠂ ᠮᠡᠳᠡᠭᠦᠯᠬᠦ ᠴᠠᠭ ᠤᠨ ᠬᠢᠵᠠᠭᠠᠷ ᠪᠤᠯᠤᠨ ᠭᠠᠵᠠᠷ᠃ ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠭᠠᠳᠠᠭᠠᠳᠦ ᠳᠤ ᠭᠠᠷᠭᠠᠬᠤ ᠪᠠᠨ ᠪᠤᠭᠤᠮᠲᠠ ᠳᠤ ᠮᠡᠳᠡᠭᠦᠯᠬᠦ ᠶᠢᠨ ᠬᠠᠮᠲᠤ ᠡᠳ᠋ ᠤᠨ ᠶᠠᠪᠤᠳᠠᠯ ᠤᠨ ᠲᠠᠯ᠎ᠠ ᠳᠤ ᠪᠤᠷᠤᠯᠠᠭᠤᠯᠭ᠎ᠠ ᠶᠢᠨ ᠰᠢᠢᠳᠪᠥᠷᠢᠯᠡᠯᠲᠡ ᠬᠢᠭᠰᠡᠨ ᠤ ᠳᠠᠷᠠᠭ᠎ᠠ᠂ ᠮᠡᠳᠡᠭᠦᠯᠬᠦ ᠮᠠᠲ᠋ᠧᠷᠢᠶᠠᠯ ᠢ ᠲᠤᠭᠲᠠᠭᠠᠯ ᠶᠤᠰᠤᠭᠠᠷ ᠪᠣᠢ ᠪᠣᠯᠭᠠᠬᠤ ᠶᠢᠨ ᠬᠠᠮᠲᠤ ᠭᠠᠳᠠᠭᠠᠲᠦ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠬᠤᠯᠪᠤᠭᠳᠠᠯ ᠪᠦᠬᠦᠢ ᠪᠠᠷᠢᠮᠲᠠ ᠬᠠᠨᠭ᠍ᠭᠠᠨ᠂ ᠰᠠᠷ᠎ᠠ ᠪᠦᠷᠢ ᠶᠢᠨ 15᠎ ᠤ ᠡᠳᠦᠷ ᠠᠴᠠ ᠡᠮᠦᠨ᠎ᠡ ᠭᠠᠶᠢᠯᠢ ᠶᠢᠨ ᠶᠠᠪᠤᠳᠠᠯ ᠤᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠳᠤ ᠭᠠᠶᠢᠯᠢ ᠪᠤᠴᠠᠭᠠᠬᠤ ︵ᠬᠡᠯᠲᠦᠷᠢᠬᠦᠯᠬᠦ︶᠎ ᠶᠢ ᠭᠤᠶᠤᠴᠢᠯᠠᠨ᠎ᠠ ︵ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠪᠠᠭᠲᠠᠬᠤ ᠦᠭᠡᠢ︶᠃     ᠬᠠᠭᠤᠳᠠᠰᠦ ᠪᠠᠷᠢᠮᠲᠠ ᠶᠢ ᠬᠤᠷᠢᠶᠠᠵᠤ ᠭᠦᠢᠴᠡᠭᠡᠬᠦ ᠨᠢ ᠮᠡᠳᠡᠭᠦᠯᠬᠦ ᠬᠤᠭᠤᠴᠠᠭ᠎ᠠ ᠬᠢᠵᠠᠭᠠᠷ ᠠᠴᠠ ᠬᠡᠲᠦᠷᠡᠭᠰᠡᠨ ᠤ ᠠᠰᠳᠠᠭᠠᠨ ᠲᠤᠭᠲᠠᠭᠠᠯ ᠲᠠᠢ ᠶᠢ ᠭᠠᠷᠭᠠᠪᠠᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠤᠰ ᠭᠠᠳᠠᠭᠠᠳᠦ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠭᠦᠯᠬᠦ︶᠎ ᠪᠠᠷ ᠮᠡᠳᠡᠭᠦᠯᠥᠭᠰᠡᠨ ᠢ ᠬᠦᠯᠢᠶᠡᠨ ᠠᠪᠴᠦ ᠬᠦᠢᠴᠡᠳᠭᠡᠬᠦ ᠦᠭᠡᠢ᠂ ᠭᠠᠶᠢᠯᠢ ᠨᠦᠬᠦᠪᠥᠷᠢᠯᠡᠬᠦ ᠶᠣᠰᠤᠲᠠᠢ ᠠᠴᠠ ᠨᠢ ᠬᠤᠯᠪᠤᠭᠳᠠᠯ ᠪᠦᠬᠦᠢ ᠲᠤᠭᠲᠠᠭᠠᠯ ᠶᠣᠰᠤᠭᠠᠷ ᠭᠠᠶᠢᠯᠢ ᠶᠢᠨ ᠵᠤᠭᠤᠰ ᠨᠦᠬᠦᠵᠤ ᠲᠠᠲᠠᠪᠤᠷᠢᠯᠠᠬᠤ ᠬᠡᠷᠡᠭᠲᠡᠢ᠃     ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠭᠠᠳᠠᠭᠠᠲᠤ ᠳᠤ ᠭᠠᠷᠭᠠᠬᠤ ᠪᠠᠨ ᠦᠪᠡᠷ ᠲᠡᠭᠡᠨ ᠡᠵᠡᠩᠨᠡᠵᠦ ᠪᠠᠶᠢᠭ᠎ᠠ ᠪᠤᠶᠤ ᠪᠤᠰᠤᠳ ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠳᠤ ᠨᠠᠶᠢᠳᠠᠵᠦ ᠭᠠᠳᠠᠭᠠᠳᠤ ᠳᠤ ᠭᠠᠷᠭᠠᠬᠤ ᠪᠠᠨ ᠣᠷᠤᠯᠠᠭᠤᠯᠤᠨ ᠭᠦᠢᠴᠡᠳᠭᠡᠯᠭᠡᠵᠦ ᠪᠠᠶᠢᠪᠠᠯ᠂ ᠪᠠᠶᠢᠭ᠎ᠠ ᠭᠠᠵᠠᠷ ᠤᠨ ᠢᠶᠠᠨ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠥᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠭᠠᠷᠳᠠᠮ ᠢ ᠬᠦᠢᠴᠡᠳᠭᠡᠬᠦ ᠬᠡᠷᠡᠭᠲᠡᠢ᠃     ᠬᠤᠶᠠᠷ᠂ ᠮᠡᠳᠡᠭᠦᠯᠥᠭᠰᠡᠨ ᠢ ᠬᠦᠯᠢᠶᠡᠨ ᠠᠪᠴᠦ ᠬᠦᠢᠴᠡᠳᠭᠡᠬᠦ᠃ ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶᠎ ᠶᠢ ᠮᠡᠳᠡᠭᠦᠯᠥᠭᠰᠡᠨ ᠪᠣᠯ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠴᠠᠭ ᠲᠤᠬᠠᠢ ᠳᠤᠨᠢ ᠬᠦᠯᠢᠶᠡᠨ ᠠᠪᠬᠤ ᠶᠢᠨ ᠬᠠᠮᠲᠦ ᠠᠩᠬ᠎ᠠ ᠬᠢᠨᠠᠯᠲᠠ ᠬᠢᠬᠦ ᠬᠡᠷᠡᠭᠲᠠᠢ᠃ ᠠᠩᠬ᠎ᠠ ᠠᠯᠬᠤᠮ ᠬᠢᠨᠠᠭᠠᠳ᠂ ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠤ ᠮᠡᠳᠡᠭᠦᠯᠥᠨ ᠬᠦᠷᠭᠡᠭᠰᠡᠨ ᠮᠡᠳᠡᠭᠦᠯᠦᠯᠲᠡ ᠶᠢᠨ ᠮᠠᠲ᠋ᠧᠷᠢᠶᠠᠯ᠂ ᠡᠯᠧᠺᠳ᠋ᠷᠤᠨ ᠮᠡᠳᠡᠭᠦᠯᠦᠭᠰᠡᠨ ᠲᠤᠭ᠎ᠠ ᠪᠠᠷᠢᠮᠲᠠ ᠬᠢᠭᠡᠳ ᠴᠠᠭᠠᠰᠤᠨ ᠪᠠᠷᠢᠮᠲᠠ ᠨᠢ ᠪᠦᠷᠢᠨ ᠪᠠᠶᠢᠪᠠᠯ᠂ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠲᠤᠰ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠭᠦᠯᠬᠦ︶᠎ ᠪᠠᠷ ᠮᠡᠳᠡᠭᠦᠯᠥᠭᠰᠡᠨ ᠢ ᠬᠦᠯᠢᠶᠡᠨ ᠠᠪᠴᠦ ᠬᠦᠢᠴᠡᠳᠭᠡᠨ᠎ᠡ᠃ ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠤ ᠮᠡᠳᠡᠭᠦᠯᠥᠨ ᠬᠦᠷᠭᠡᠭᠰᠡᠨ ᠮᠡᠳᠡᠭᠦᠯᠦᠯᠲᠡ ᠶᠢᠨ ᠮᠠᠲ᠋ᠧᠷᠢᠶᠠᠯ ᠪᠤᠶᠤ ᠴᠠᠭᠠᠰᠤᠨ ᠪᠠᠷᠢᠮᠲᠠ ᠨᠢ ᠪᠦᠷᠢᠨ ᠪᠤᠰᠤ ᠪᠠᠶᠢᠪᠠᠯ᠂ ᠠᠰᠳᠠᠭᠠᠨ ᠲᠤᠭᠲᠠᠭᠠᠯ ᠲᠠᠢ ᠶᠢ ᠨᠢ ᠭᠠᠷᠭᠠᠭᠠᠳ᠂ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠲᠤᠰ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠭᠦᠯᠬᠦ︶᠎ ᠪᠠᠷ ᠮᠡᠳᠡᠭᠦᠯᠥᠭᠰᠡᠨ ᠢ ᠬᠦᠯᠢᠶᠡᠨ ᠠᠪᠴᠦ ᠬᠦᠢᠴᠡᠳᠭᠡᠬᠦ ᠦᠭᠡᠢ ᠪᠦᠭᠡᠳ ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠳᠤ ᠮᠠᠲ᠋ᠧᠷᠢᠶᠠᠯ᠂ ᠪᠠᠷᠢᠮᠲᠠ ᠳᠤ ᠵᠠᠯᠠᠷᠠᠭᠤᠯᠭ᠎ᠠ ᠬᠢᠯᠭᠡᠬᠦ᠂ ᠨᠦᠬᠦᠪᠥᠷᠢᠯᠡᠭᠦᠯᠬᠦ ᠱᠠᠭᠠᠷᠳᠠᠯᠭ᠎ᠠ ᠶᠢ ᠲᠡᠷᠡ ᠳᠠᠷᠤᠢ ᠳᠤᠨᠢ ᠳᠤᠷᠠᠳᠬᠤ ᠬᠡᠷᠡᠭᠲᠡᠢ᠃     ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠬᠦᠯᠬᠦ︶᠎ ᠪᠠᠷ ᠮᠡᠳᠡᠭᠦᠯᠥᠭᠰᠡᠨ ᠢ ᠬᠦᠯᠢᠶᠡᠨ ᠠᠪᠴᠦ ᠬᠦᠢᠴᠡᠳᠭᠡᠭᠰᠡᠨ ᠤ ᠳᠠᠷᠠᠭ᠎ᠠ ᠬᠦᠯᠢᠶᠡᠨ ᠠᠪᠤᠭᠰᠠᠨ ᠬᠠᠭᠤᠳᠠᠰᠦ ᠶᠢ ᠬᠢᠨᠠᠨ ᠬᠠᠷᠭᠤᠭᠤᠯᠬᠤ ᠰᠢᠰᠲ᠋ᠧᠮ ᠳᠤ ᠳᠠᠩᠰᠠᠯᠠᠵᠤ᠂ ᠭᠠᠳᠠᠭᠠᠲᠤ ᠳᠤ ᠭᠠᠷᠭᠠᠬᠤ ᠬᠤᠳᠠᠯᠳᠤᠭᠠᠴᠢᠨ ᠳᠤ ᠬᠠᠷᠢᠭᠤ ᠪᠠᠷᠢᠮᠲᠠ ᠬᠢᠵᠦ ᠦᠭᠬᠦ ᠶᠢᠨ ᠬᠠᠮᠲᠤ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠭᠦᠯᠬᠦ︶᠎ ᠪᠠᠷ ᠮᠡᠳᠡᠭᠦᠯᠦᠭᠰᠡᠨ ᠢ ᠡᠬᠡ ᠳᠠᠩᠰᠠᠨ ᠳᠤ ᠲᠡᠮᠳᠡᠭᠯᠡᠬᠦ ᠬᠡᠷᠡᠭᠲᠡᠢ᠃     ᠭᠤᠷᠪᠠ᠂ ᠮᠡᠳᠡᠭᠦᠯᠬᠦ ᠮᠠᠲ᠋ᠧᠷᠢᠶᠠᠯ᠃     ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠭᠦᠯᠬᠦ︶᠎ ᠪᠠᠷ ᠮᠡᠳᠡᠭᠦᠯᠥᠨ ᠭᠦᠢᠴᠡᠳᠭᠡᠯᠭᠡᠬᠦ ᠳᠤ᠂ ᠳᠤᠤᠷ᠎ᠠ ᠵᠢᠭᠰᠠᠭᠠᠭᠰᠠᠨ ᠪᠠᠷᠢᠮᠲᠠ ᠶᠢᠨ ᠮᠠᠲ᠋ᠧᠷᠢᠶᠠᠯ ︵ᠬᠤᠶᠠᠷ ᠬᠤᠪᠢ︶᠎ ᠢ ᠡᠷᠬᠡᠪᠰᠢ ᠳᠠᠭᠠᠯᠳᠤᠭᠤᠯᠤᠨ ᠬᠦᠷᠭᠡᠬᠦ ᠬᠡᠷᠡᠭᠲᠡᠢ᠄    1. ︽ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ︵ᠬᠡᠯᠲᠦᠷᠢᠬᠦᠯᠬᠦ︶ ᠬᠤᠷᠢᠶᠠᠩᠭᠤᠶᠢᠯᠠᠭᠰᠠᠨ ᠮᠡᠳᠡᠭᠦᠯᠬᠦ ᠬᠦᠰᠦᠨᠦᠭᠲᠦ︾᠂ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠪᠠᠷᠠᠭ᠎ᠠ ᠤᠷᠤᠭᠤᠯᠤᠭᠰᠠᠨ ᠪᠠᠷᠢᠮᠲᠠ ᠶᠢᠨ ᠮᠡᠳᠡᠭᠦᠯᠬᠦ ᠨᠠᠷᠢᠨ ᠬᠦᠰᠦᠨᠦᠭᠲᠦ︾᠂ ︽ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ᠨᠠᠷᠢᠨ ᠮᠡᠳᠡᠭᠦᠯᠬᠦ ᠬᠦᠰᠦᠨᠦᠭᠲᠦ︾︔    2. ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠪᠤᠭᠤᠮᠲᠠ ᠳᠤ ᠮᠡᠳᠡᠭᠦᠯᠬᠦ ᠬᠠᠭᠤᠳᠠᠰᠦ ︵ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠳᠤ ᠲᠤᠰᠬᠠᠢ ᠬᠡᠷᠡᠭᠯᠡᠬᠦ ᠬᠤᠯᠪᠤᠭᠠᠰᠦ︶︔    3. ᠭᠠᠳᠠᠭᠠᠲᠤ ᠭᠠᠷᠭᠠᠯᠲᠠ ᠶᠢᠨ ᠭᠤᠪᠢᠭᠤᠯᠭ᠎ᠠ ᠬᠤᠷᠢᠶᠠᠭᠰᠠᠨ ᠤ ᠬᠢᠨᠠᠵᠤ ᠭᠠᠷᠭᠠᠬᠤ ᠬᠠᠭᠤᠳᠠᠰᠦ ︵ᠭᠠᠳᠠᠭᠠᠲᠤ ᠳᠤ ᠬ᠊ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠳᠤ ᠲᠤᠰᠬᠠᠢ ᠬᠡᠷᠡᠭᠯᠡᠬᠦ ᠬᠤᠯᠪᠤᠭᠠᠰᠦ︶︔    4. ᠠᠯᠤᠰ ᠤᠨ ᠬᠤᠭᠤᠴᠠᠭᠠᠨ ᠤ ᠭᠤᠪᠢᠭᠤᠯᠭ᠎ᠠ ᠶᠢ ᠳ᠋ᠦᠡᠭᠨᠡᠨ ᠪᠣᠳᠤᠭᠰᠠᠨ ᠭᠡᠷᠡᠴᠢ︔    5. ᠭᠠᠳᠠᠭᠠᠲᠤ ᠳᠤ ᠭᠠᠷᠭᠠᠬᠤ ᠪᠠᠷᠠᠭ᠎ᠠ ᠶᠢ ᠭᠠᠳᠠᠭᠰᠢ ᠪᠤᠷᠤᠯᠠᠭᠤᠯᠤᠭᠰᠠᠨ ᠪᠠᠷᠢᠮᠲᠠ︔    6. ᠦᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠢ ᠬᠡᠷᠡᠭᠯᠡᠬᠦ ᠪᠠᠷᠢᠮᠲᠠ ︵ᠲᠤᠯᠭᠠᠨ ᠰᠠᠭᠤᠯᠭᠠᠵᠦ ᠠᠪᠬᠤ ᠬᠤᠯᠪᠤᠭᠠᠰᠦ︶︔    7. ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠯᠭᠠᠬᠤ ᠡᠯᠧᠺᠳ᠋ᠷᠤᠨ ᠮᠡᠳᠡᠭᠦᠯᠥᠯᠲᠡ ᠶᠢᠨ ᠲᠤᠭ᠎ᠠ ᠪᠠᠷᠢᠮᠲᠠ︔     8. ᠭᠠᠶᠢᠯᠢ ᠶᠢᠨ ᠶᠠᠪᠤᠳᠠᠯ ᠤᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠶᠢᠨ ᠳᠠᠭᠠᠯᠳᠤᠭᠤᠯᠤᠨ ᠬᠦᠷᠭᠡᠬᠦ ᠶᠢ ᠱᠠᠭᠠᠷᠳᠠᠭᠰᠠᠨ ᠪᠤᠰᠤᠳ ᠮᠠᠲ᠋ᠧᠷᠢᠶᠠᠯ᠃     ︵ᠬᠤᠶᠠᠷ︶ ᠦᠢᠯᠡᠳᠪᠤᠶᠢᠯᠡᠬᠦ ᠠᠵᠤ ᠠᠬᠤᠶᠢᠯᠠᠯ ᠭᠠᠶᠢᠯᠢ ᠬᠡᠯᠲᠦᠷᠢᠭᠦᠯᠬᠦ ᠲᠤᠯᠭᠠᠨ ᠰᠠᠭᠤᠯᠭᠠᠬᠤ ᠪᠤᠴᠠᠭᠠᠯᠭᠠᠬᠤ ᠶᠢ ᠮᠡᠳᠡᠭᠦᠯᠥᠨ ᠭᠦᠢᠴᠡᠳᠭᠡᠯᠭᠡᠬᠦ ᠳᠡᠭᠡᠨ᠂ ᠳᠤᠤᠷ᠎ᠠ ᠵᠢᠭᠰᠠᠭᠠᠭᠰᠠᠨ ᠪᠠᠷᠢᠮᠲᠠ ᠶᠢᠨ ᠮᠠᠲ᠋ᠧᠷᠢᠶᠠᠯ ︵ᠬᠤᠶᠠᠷ ᠬᠤᠪᠢ︶᠎ ᠢ ᠡᠷᠬᠡᠪᠰᠢ ᠳᠠᠭᠠᠯᠳᠤᠭᠤᠯᠤᠨ ᠲᠤᠰᠢᠶᠠᠬᠤ ᠬᠡᠷᠡᠭᠲᠡᠢ᠄     1. ︽ᠦᠢᠯᠡᠳᠪᠦᠷᠢᠯᠡᠬᠦ ᠠᠵᠤ ᠠᠬᠤᠶᠢᠯᠠᠯ ᠤᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠬᠡᠯᠲᠥᠷᠢᠭᠦᠯᠬᠦ ᠲᠤᠯᠭᠠᠨ ᠰᠠᠭᠤᠯᠭᠠᠬᠤ ᠪᠤᠴᠠᠭᠠᠯᠭᠠᠬᠤ ᠮᠡᠳᠡᠭᠦᠯᠥᠯᠲᠡ ᠶᠢᠨ ᠬᠤᠷᠢᠶᠠᠩᠭᠤᠶᠢᠯᠠᠭᠰᠠᠨ ᠬᠦᠰᠦᠨᠦᠭᠲᠦ︾︔     2. ︽ᠦᠢᠯᠡᠳᠪᠦᠷᠢᠯᠡᠬᠦ ᠠᠵᠤ ᠠᠬᠤᠶᠢᠯᠠᠯ ᠤᠨ ᠦᠪᠡᠷ ᠲᠡᠭᠡᠨ ᠡᠵᠡᠩᠨᠡᠭᠰᠡᠨ ︵ᠨᠠᠶᠢᠳᠠᠭᠰᠠᠨ︶ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠬᠡᠯᠲᠦᠷᠢᠭᠦᠯᠬᠦ ᠲᠤᠯᠭᠠᠨ ᠰᠠᠭᠤᠯᠭᠠᠬᠤ ᠪᠤᠴᠠᠭᠠᠯᠭᠠᠬᠤ ᠶᠢ ᠮᠡᠳᠡᠭᠦᠯᠥᠭᠰᠡᠨ ᠨᠠᠷᠢᠨ ᠬᠦᠰᠦᠨᠦᠭᠲᠦ︾︔     3. ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠪᠤᠭᠤᠮᠲᠠ ᠳᠤ ᠮᠡᠳᠡᠭᠦᠯᠬᠦ ᠬᠠᠭᠤᠳᠠᠰᠦ ︵ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠳᠤ ᠲᠤᠰᠬᠠᠢ ᠬᠡᠷᠡᠭᠯᠡᠬᠦ ᠬᠤᠯᠪᠤᠭᠠᠰᠦ︶︔     4. ᠭᠠᠳᠠᠭᠠᠲᠤ ᠳᠤ ᠭᠠᠷᠭᠠᠭᠰᠠᠨ ᠤᠨ ᠭᠤᠪᠢᠭᠤᠯᠭ᠎ᠠ ᠬᠤᠷᠢᠶᠠᠨ ᠬᠢᠨᠠᠵᠤ ᠭᠠᠷᠭᠠᠬᠤ ᠬᠠᠭᠤᠳᠠᠰᠦ ︵ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠳᠤ ᠲᠤᠰᠬᠠᠢ ᠬᠡᠷᠡᠭᠯᠡᠬᠦ ᠬᠤᠯᠪᠤᠭᠠᠰᠦ︶︔     5. ᠠᠯᠤᠰ ᠤᠨ ᠬᠤᠭᠤᠴᠠᠭᠠᠨ ᠤ ᠭᠤᠪᠢᠭᠤᠯᠭ᠎ᠠ ᠳ᠋ᠦᠡᠭᠨᠡᠨ ᠪᠤᠳᠤᠬᠰᠠᠨ ᠭᠡᠷᠡᠴᠢ︔     6. ᠭᠠᠳᠠᠭᠠᠲᠤ ᠳᠤ ᠭᠠᠷᠭᠠᠬᠤ ᠪᠠᠷᠠᠭ᠎ᠠ ᠶᠢ ᠭᠠᠳᠠᠭᠰᠢ ᠪᠤᠷᠤᠯᠠᠭᠤᠯᠤᠭᠰᠠᠨ ᠪᠠᠷᠢᠮᠲᠠ︔     7. ᠭᠠᠳᠠᠭᠠᠲᠤ ᠳᠤ ᠭᠠᠷᠭᠠᠬᠤ ᠪᠠᠷᠠᠭ᠎ᠠ ᠶᠢ ᠤᠷᠤᠯᠠᠨ ᠭᠦᠢᠴᠡᠳᠭᠡᠯᠭᠡᠬᠦ ᠭᠡᠷᠡᠴᠢ︔     8. ᠭᠠᠳᠠᠭᠠᠲᠤ ᠳᠤ ᠭᠠᠷᠭᠠᠬᠤ ᠪᠠᠷᠠᠭ᠎ᠠ ᠶᠢ ᠤᠷᠤᠯᠠᠨ ᠭᠦᠢᠴᠡᠳᠭᠡᠯᠭᠡᠬᠦ ᠵᠦᠪᠯᠡᠯᠴᠡᠭᠡᠷ ︵ᠳᠡᠳ᠋ ᠳᠡᠪᠲᠡᠷ︶︔     9. ᠭᠠᠳᠠᠭᠠᠲᠤ ᠳᠤ ᠭᠠᠷᠭᠠᠬᠤ ᠶᠢᠨ ᠭᠠᠶᠢᠯᠢ ᠪᠤᠴᠠᠭᠠᠯᠭᠠᠬᠤ ᠡᠯᠧᠺᠳ᠋ᠷᠤᠨ ᠲᠤᠭ᠎ᠠ ᠪᠠᠷᠢᠮᠲᠠ︔     10. ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠶᠢᠨ ᠳᠠᠭᠠᠯᠳᠤᠭᠤᠯᠤᠨ ᠬᠦᠷᠭᠡᠬᠦ ᠶᠢ ᠱᠠᠭᠠᠷᠳᠠᠭᠰᠠᠨ ᠪᠤᠰᠤᠳ ᠮᠠᠲ᠋ᠧᠷᠢᠶᠠᠯ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1