ᠺᠤᠮᠫᠠᠨᠢ ᠶᠢ ᠨᠡᠶᠢᠯᠡᠭᠦᠯᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/15
    ᠺᠤᠮᠫᠠᠨᠢ ᠶᠢ ᠨᠡᠶᠢᠯᠡᠬᠦᠯᠬᠦ ᠳᠤ ᠳᠤᠤᠷᠠᠬᠢ ᠬᠤᠶᠠᠷ ᠪᠦᠯᠦᠭ ᠮᠠᠲ᠋ᠧᠷᠢᠶᠠᠯ ᠢ ᠲᠤᠰᠢᠶᠠᠬᠤ ᠬᠡᠷᠡᠭᠲᠠᠢ᠄      ᠨᠢᠭᠡᠳᠦᠭᠡᠷ ᠪᠦᠯᠦᠭ᠄ ᠺᠤᠮᠫᠠᠨᠢ ᠶᠢ ᠨᠡᠶᠢᠯᠡᠭᠦᠯᠬᠦ ᠬᠤᠯᠪᠤᠭᠳᠠᠯ ᠪᠦᠬᠦᠢ ᠮᠠᠲ᠋ᠧᠷᠢᠶᠠᠯ     1. ᠺᠤᠮᠫᠠᠨᠢ ᠨᠡᠶᠢᠯᠡᠬᠦᠯᠬᠦ ᠡᠯ᠎ᠡ ᠲᠠᠯ᠎ᠠ ᠶᠢᠨ ᠭᠠᠷ ᠤᠨ ᠦᠰᠦᠭ ᠵᠢᠷᠤᠭᠰᠠᠨ ᠺᠤᠮᠫᠠᠨᠢ ᠨᠡᠶᠢᠯᠡᠬᠦᠯᠬᠦ ᠵᠦᠪᠯᠡᠯᠴᠡᠭᠡᠷ ︵ᠺᠤᠮᠫᠠᠨᠢ ᠨᠡᠶᠢᠯᠡᠬᠦᠯᠬᠦ ᠬᠤᠶᠠᠷ ᠲᠠᠯ᠎ᠠ ᠠᠯᠪᠠᠨ ᠲᠠᠮᠠᠭ᠎ᠠ ᠪᠠᠨ ᠳᠠᠷᠤᠵᠤ᠂ ᠵᠢᠭᠠᠨ ᠲᠤᠭᠲᠠᠭᠠᠭᠰᠠᠨ ᠲᠦᠯᠦᠭᠡᠯᠡᠭᠴᠢ ᠭᠠᠷ ᠤᠨ ᠦᠰᠦᠭ ᠵᠢᠷᠤᠨ᠎ᠠ︶︔     ᠺᠤᠮᠫᠠᠨᠢ ᠨᠡᠶᠢᠯᠡᠭᠦᠯᠬᠦ ᠵᠦᠪᠯᠡᠯᠴᠡᠭᠡᠷ ᠳᠤ ᠳᠤᠤᠷᠠᠬᠢ ᠠᠭᠤᠯᠭ᠎ᠠ ᠤᠳ ᠢ ᠪᠠᠭᠳᠠᠭᠠᠨ᠎ᠠ᠄     ︵1︶ ᠨᠡᠶᠢᠯᠡᠬᠦᠯᠬᠦ ᠪᠠᠷ ᠵᠦᠪᠯᠡᠭᠰᠡᠨ ᠡᠯ᠎ᠡ ᠲᠠᠯ᠎ᠠ ᠶᠢᠨ ᠨᠡᠷᠡᠶᠢᠳᠦᠯ︔     ︵2︶ ᠨᠡᠶᠢᠯᠡᠬᠦᠯᠬᠦ ᠬᠡᠯᠪᠡᠷᠢ︔     ︵3︶ ᠨᠡᠶᠢᠯᠡᠬᠦᠯᠦᠭᠰᠡᠨ ᠤ ᠳᠠᠷᠠᠭᠠᠬᠢ ᠺᠤᠮᠫᠠᠨᠢ ᠶᠢᠨ ᠨᠡᠷᠡᠶᠢᠳᠦᠯ︔     ︵4︶ ᠨᠡᠶᠢᠯᠡᠬᠦᠯᠦᠭᠰᠡᠨ ᠤ ᠳᠠᠷᠠᠭᠠᠬᠢ ᠺᠤᠮᠫᠠᠨᠢ ᠶᠢᠨ ᠳᠠᠩᠰᠠᠯᠠᠭᠤᠯᠬᠤ ᠬᠦᠷᠦᠩᠭᠡ︔     ︵5︶ ᠨᠡᠶᠢᠯᠡᠬᠦᠯᠬᠦ ᠡᠯ᠎ᠡ ᠲᠠᠯ᠎ᠠ ᠶᠢᠨ ᠠᠪᠴᠠᠭᠠᠨ ᠤ ᠡᠷᠬᠡ᠂ ᠦᠷᠢ ᠦᠭᠴᠡᠭᠡ ᠶᠢᠨ ᠤᠯᠠᠮᠵᠢᠯᠠᠨ ᠵᠠᠯᠭᠠᠮᠵᠢᠯᠠᠬᠤ ᠲᠦᠰᠦᠯ︔     ︵6︶ ᠬᠡᠷ᠎ᠡ ᠲᠤᠭᠳᠠᠭᠰᠠᠨ ᠴᠠᠭ ᠬᠤᠭᠤᠴᠠᠭ᠎ᠠ᠂ ᠭᠠᠵᠠᠷ ᠤᠷᠤᠨ︔     ︵7︶ ᠨᠡᠶᠢᠯᠡᠬᠦᠯᠬᠦ ᠪᠠᠷ ᠵᠦᠪᠯᠡᠭᠰᠡᠨ ᠡᠯ᠎ᠡ ᠲᠠᠯ᠎ᠠ ᠶᠢᠨ ᠲᠤᠭᠲᠠᠭᠠᠬᠤ ᠴᠢᠬᠤᠯᠠᠲᠠᠢ ᠬᠡᠵᠤ ᠦᠵᠡᠭᠰᠡᠨ ᠪᠤᠰᠤᠳ ᠵᠦᠢᠯᠡᠰ᠃     2. ᠨᠡᠶᠢᠯᠡᠬᠦᠯᠬᠦ ᠡᠯ᠎ᠡ ᠲᠠᠯ᠎ᠠ ᠶᠢᠨ ᠺᠤᠮᠫᠠᠨᠢ ᠶᠢᠨ ᠬᠤᠪᠢ ᠤᠷᠤᠭᠤᠯᠤᠭᠴᠢ ᠶᠢᠨ ᠵᠦᠪᠯᠡᠯ ᠪᠤᠶᠤ ᠺᠤᠮᠫᠠᠨᠢ ᠨᠡᠶᠢᠯᠡᠬᠦᠯᠬᠦ ᠲᠤᠬᠠᠢ ᠬᠤᠪᠢ ᠤᠷᠤᠭᠤᠯᠤᠭᠴᠢ ᠶᠢᠨ ᠶᠡᠭᠡ ᠬᠤᠷᠠᠯ ᠤᠨ ᠲᠤᠭᠲᠠᠭᠠᠯ︔     3. ᠨᠡᠶᠢᠯᠡᠬᠦᠯᠬᠦ ᠡᠯ᠎ᠡ ᠲᠠᠯ᠎ᠠ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ︔     4. ᠬᠠᠤᠯᠢ ᠪᠠᠷ ᠨᠡᠶᠢᠲᠡᠯᠡᠭᠰᠡᠨ ᠠᠯᠪᠠᠨ ᠵᠠᠷ ᠤᠨ ᠰᠤᠨᠢᠨ︔     5. ᠨᠡᠶᠢᠯᠡᠭᠦᠯᠦᠭᠰᠡᠨ ᠤ ᠳᠠᠷᠠᠭᠠᠬᠢ ᠡᠳ᠋ ᠬᠦᠷᠦᠩᠬᠡ ᠶᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ︔     6. ᠨᠡᠶᠢᠯᠡᠬᠦᠯᠬᠦ ᠠᠴᠠ ᠪᠤᠯᠵᠦ ᠬᠦᠴᠦᠨ ᠦᠭᠡᠢ ᠪᠤᠯᠤᠭᠰᠠᠨ ᠨᠡᠶᠢᠯᠡᠬᠦᠯᠬᠦ ᠲᠠᠯ᠎ᠠ ᠶᠢᠨ ᠬᠦᠴᠦᠨ ᠦᠭᠡᠢ ᠪᠤᠯᠭᠠᠭᠰᠠᠨ ᠬᠡᠷᠡᠴᠢ᠃     ᠬᠤᠶᠠᠳᠤᠭᠠᠷ ᠪᠦᠯᠦᠭ᠄ ᠨᠡᠶᠢᠯᠡᠬᠦᠯᠬᠦ ᠠᠴᠠ ᠪᠤᠯᠵᠦ ᠪᠦᠷᠢᠳᠭᠡᠯ ᠬᠢᠯᠭᠡᠬᠦ᠂ ᠪᠦᠷᠢᠳᠭᠡᠯ ᠢᠶᠠᠨ ᠬᠤᠪᠢᠷᠠᠭᠤᠯᠬᠤ᠂ ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠳᠤ ᠲᠤᠰᠢᠶᠠᠬᠤ ᠮᠠᠲ᠋ᠧᠷᠢᠶᠠᠯ᠃      ᠰᠢᠨ᠎ᠡ ᠪᠠᠷ ᠨᠡᠶᠢᠯᠡᠭᠦᠯᠦᠭᠰᠡᠨ ᠪᠤᠯ ︽ᠺᠤᠮᠫᠠᠨᠢ ᠪᠠᠶᠢᠭᠤᠯᠤᠨ ᠪᠦᠷᠢᠳᠭᠡᠯᠭᠡᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ︾᠎ ᠤᠨ ᠶᠤᠰᠤᠭᠠᠷ ᠬᠠᠮᠢᠶ᠎ᠠ ᠪᠦᠬᠦᠢ ᠬᠦᠰᠤᠨᠦᠭᠳᠤ ᠶᠢ ᠲᠠᠭᠯᠠᠬᠤ ᠶᠢᠨ ᠬᠠᠮᠳᠤ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠨ᠎ᠠ᠃  ᠨᠡᠶᠢᠯᠡᠬᠦᠯᠦᠨ ᠰᠢᠩᠭᠡᠭᠡᠭᠰᠡᠨ ᠪᠦᠭᠡᠳ ᠨᠡᠶᠢᠯᠡᠭᠦᠯᠦᠭᠰᠡᠨ ᠤ ᠲᠠᠷᠠᠭ᠎ᠠ ᠦᠷᠬᠦᠯᠵᠢᠯᠡᠨ ᠤᠷᠤᠰᠢᠬᠤ ᠺᠤᠮᠫᠠᠨᠢ ᠪᠤᠯ ︽ᠺᠤᠮᠫᠠᠨᠢ ᠶᠢᠨ ᠳᠠᠩᠰᠠᠯᠠᠭᠤᠯᠤᠭᠰᠠᠨ ᠬᠦᠷᠦᠩᠭᠡ᠂ ᠪᠤᠳᠠᠲᠤ ᠬᠤᠷᠢᠶᠠᠭᠰᠠᠨ ᠬᠦᠷᠦᠩᠭᠡ ᠶᠢᠨ ᠪᠦᠷᠢᠳᠭᠡᠯ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ︾ ᠶᠤᠰᠤᠭᠠᠷ ᠬᠤᠯᠪᠤᠭᠳᠠᠯ ᠪᠦᠬᠦᠢ ᠬᠦᠰᠤᠨᠦᠭᠳᠤ ᠶᠢ ᠲᠠᠭᠯᠠᠬᠤ ᠶᠢᠨ ᠬᠠᠮᠳᠤ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠨ᠎ᠠ︔ ᠨᠡᠶᠢᠯᠡᠬᠦᠯᠦᠨ ᠰᠢᠩᠭᠡᠭᠡᠭᠰᠡᠨ ᠤ ᠳᠠᠷᠠᠭ᠎ᠠ ᠪᠤᠰᠤᠳ ᠪᠦᠷᠢᠳᠭᠡᠯᠬᠡᠬᠦ ᠵᠦᠢᠯᠡᠰ ᠢ ᠬᠤᠪᠢᠷᠠᠭᠤᠯᠬᠤ ᠲᠠᠢ ᠬᠤᠯᠪᠤᠭᠳᠠᠪᠠᠯ᠂ ᠬᠠᠮᠢᠶ᠎ᠠ ᠪᠦᠬᠦᠢ ᠪᠦᠷᠢᠳᠭᠡᠯ ᠢ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ ᠶᠤᠰᠤᠭᠠᠷ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠵᠤ᠂ ᠳᠠᠪᠬᠤᠷᠳᠠᠭᠰᠠᠨ ᠮᠠᠲ᠋ᠧᠷᠢᠶᠠᠯ ᠢ ᠳᠠᠬᠢᠨᠳᠠ ᠲᠤᠰᠢᠶᠠᠬᠤ ᠬᠡᠷᠡᠭ ᠦᠭᠡᠢ᠃ ᠨᠡᠶᠢᠯᠡᠬᠦᠯᠦᠭᠰᠡᠨ ᠤ ᠲᠠᠷᠠᠭ᠎ᠠ ᠦᠯᠦ ᠦᠯᠡᠳᠡᠬᠦ ᠺᠣᠮᠫᠠᠨᠢ ᠪᠤᠯ ᠨᠡᠶᠢᠯᠡᠬᠦᠯᠦᠭᠰᠡᠨ ᠤ ᠳᠠᠷᠠᠭ᠎ᠠ ᠦᠷᠭᠦᠯᠵᠢᠯᠡᠨ ᠤᠷᠤᠰᠢᠬᠤ ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠠᠴᠠ ᠡᠮᠦᠨ᠎ᠡ ᠪᠤᠶᠤ ᠨᠡᠶᠢᠯᠡᠬᠦᠯᠦᠭᠰᠡᠨ ᠤ ᠳᠠᠷᠠᠭ᠎ᠠ ᠦᠷᠬᠦᠯᠵᠢᠯᠡᠨ ᠤᠷᠤᠰᠢᠬᠤ ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠲᠠᠢ ᠨᠢ ᠴᠤᠭ ᠺᠤᠮᠫᠠᠨᠢ ᠶᠢᠨ ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠭᠠᠷᠳᠠᠮ ᠬᠦᠢᠴᠡᠳᠭᠡᠵᠤ᠂ ︽ᠪᠦᠷᠢᠳᠭᠡᠯ ᠢ ᠬᠦᠴᠦᠨ ᠦᠭᠡᠢ ᠪᠤᠯᠭᠠᠭᠰᠠᠨ ᠢ ᠵᠦᠪᠰᠢᠶᠡᠷᠡᠭᠰᠡᠨ ᠮᠡᠳᠡᠭᠳᠡᠯ︾᠎ ᠢ ᠨᠡᠶᠢᠯᠡᠬᠦᠯᠦᠭᠰᠡᠨ ᠤ ᠳᠠᠷᠠᠭ᠎ᠠ ᠦᠷᠬᠦᠯᠵᠢᠯᠡᠨ ᠤᠷᠤᠰᠢᠬᠤ ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠮᠠᠲ᠋ᠧᠷᠢᠶᠠᠯ ᠪᠤᠯᠭᠠᠬᠤ ᠬᠡᠷᠡᠭᠲᠠᠢ᠃     ᠲᠤᠳᠤᠷᠬᠠᠶᠢᠯᠠᠯᠳᠠ᠄ 1. ᠨᠡᠶᠢᠯᠡᠭᠦᠯᠦᠯᠳᠠ ᠨᠢ ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠲᠠᠢ ᠬᠤᠯᠪᠤᠭᠳᠠᠪᠠᠯ᠂ ᠨᠡᠶᠢᠯᠡᠬᠦᠯᠬᠦ ᠵᠦᠪᠯᠡᠯᠴᠡᠭᠡᠷ ᠳᠤ ᠲᠤᠲᠤᠷᠬᠠᠶᠢᠯᠠᠭᠰᠠᠨ ᠨᠡᠶᠢᠯᠡᠬᠦᠯᠦᠭᠰᠡᠨ ᠺᠤᠮᠫᠠᠨᠢ ᠶᠢᠨ ᠠᠪᠴᠠᠭᠠᠨ ᠤ ᠡᠷᠬᠡ᠂ ᠦᠷᠢ ᠦᠭᠴᠢᠭᠡ ᠶᠢᠨ ᠤᠯᠠᠮᠵᠢᠯᠠᠨ ᠵᠠᠯᠭᠠᠮᠵᠢᠯᠠᠬᠤ ᠲᠦᠰᠦᠯ ᠢ ᠦᠨᠳᠦᠰᠦᠯᠡᠨ᠂ ᠨᠠᠷᠢᠨ ᠪᠤᠳᠤᠬᠤ ᠦᠭᠡᠢ ᠪᠦᠭᠡᠳ ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠳᠤ ᠨᠠᠷᠢᠨ ᠪᠤᠳᠤᠭᠰᠠᠨ ᠮᠡᠳᠡᠭᠦᠯᠦᠯᠲᠡ ᠲᠤᠰᠢᠶᠠᠬᠤ ᠦᠭᠡᠢ ᠪᠠᠶᠢᠵᠤ ᠪᠤᠯᠤᠨ᠎ᠠ︔ ᠭᠡᠬᠦ ᠳᠡᠭᠡᠨ ᠬᠡᠷᠪᠡ ᠨᠡᠶᠢᠯᠡᠬᠦᠯᠬᠦ ᠵᠦᠪᠯᠡᠯᠴᠡᠭᠡᠷ ᠳᠤ ᠬᠦᠴᠦᠨ ᠦᠭᠡᠢ ᠪᠤᠯᠭᠠᠬᠤ ᠲᠠᠯ᠎ᠠ ᠨᠢ ᠤᠷᠢᠳᠠᠵᠤ ᠨᠠᠷᠢᠨ ᠪᠤᠳᠤᠬᠤ ᠵᠦᠢᠯᠡᠰ ᠢᠶᠠᠨ ᠬᠦᠢᠴᠡᠳᠭᠡᠭᠰᠡᠨ ᠪᠠᠶᠢᠬᠤ ᠬᠡᠷᠡᠭᠲᠠᠢ ᠬᠡᠵᠦ ᠳᠤᠭᠳᠠᠭᠠᠭᠰᠠᠨ ᠪᠤᠯ ᠡᠭᠦᠨ ᠳᠤ ᠪᠠᠭᠳᠠᠬᠤ ᠦᠬᠡᠢ᠃     2. ᠨᠡᠶᠢᠯᠡᠭᠦᠯᠦᠭᠰᠡᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠺᠤᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ ᠨᠡᠶᠢᠯᠡᠭᠦᠯᠦᠨ ᠰᠢᠩᠭᠡᠭᠡᠭᠡᠳ ᠦᠷᠬᠦᠯᠵᠢᠯᠡᠨ ᠤᠷᠤᠰᠢᠬᠤ ᠺᠤᠮᠫᠠᠨᠢ ᠶᠢᠨ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠬᠡᠪᠴᠢᠶᠡᠨ ᠳᠤ᠂ ᠬᠠᠤᠯᠢ ᠴᠠᠭᠠᠵᠠ ᠬᠠᠤᠯᠢ ᠲᠤᠭᠲᠠᠭᠠᠯ ᠲᠠᠢ ᠬᠤᠯᠪᠤᠭᠳᠠᠵᠦ᠂ ᠪᠦᠷᠢᠳᠭᠡᠯᠭᠡᠬᠦ ᠠᠴᠠ ᠪᠠᠨ ᠡᠮᠦᠨ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠭᠦᠯᠪᠡᠯ ᠵᠤᠬᠢᠬᠤ ᠶᠢ ᠨᠢ᠂ ᠪᠦᠷᠢᠳᠭᠡᠯᠭᠡᠬᠦ ᠠᠴᠠ ᠪᠠᠨ ᠡᠮᠦᠨ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ ᠵᠦᠪᠰᠢᠶᠡᠷᠡᠭᠦᠯᠦᠭᠡᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠤᠨ ᠪᠢᠴᠢᠭ ᠮᠠᠲ᠋ᠧᠷᠢᠶᠠᠯ᠂ ᠬᠡᠷᠡᠴᠢ ᠪᠠᠷ ᠢᠶᠠᠨ ᠪᠦᠷᠢᠳᠭᠡᠨ ᠳᠠᠩᠰᠠᠯᠠᠭᠤᠯᠬᠤ ᠬᠡᠷᠡᠭᠲᠠᠢ᠃     3. ᠨᠡᠶᠢᠯᠡᠭᠦᠯᠦᠭᠰᠡᠨ ᠠᠴᠠ ᠪᠤᠯᠵᠦ ᠪᠦᠷᠢᠳᠭᠡᠯᠭᠡᠬᠦ᠂ ᠪᠦᠷᠢᠳᠭᠡᠯ ᠢᠶᠠᠨ ᠬᠤᠪᠢᠷᠠᠭᠤᠯᠬᠤ ᠂ ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ ᠳᠤ᠂ ᠨᠡᠶᠢᠯᠡᠭᠦᠯᠦᠭᠰᠡᠨ ᠢ ᠨᠡᠶᠢᠳᠡᠯᠡᠭᠰᠡᠨ 45 ᠡᠳᠦᠷ ᠤᠨ ᠬᠤᠶᠢᠨ᠎ᠠ ᠭᠤᠶᠤᠴᠢᠯᠠᠬᠤ ᠬᠡᠷᠡᠭᠲᠠᠢ᠃     4. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4᠎ ᠶᠢᠨ ᠴᠠᠭᠠᠰᠤ ᠶᠢ ᠬᠡᠷᠡᠭᠯᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1