ᠡᠵᠡᠩᠨᠡᠯᠲᠡ ᠶᠢᠨ ᠬᠡᠪᠴᠢᠶᠠᠨ ᠤ ᠪᠦᠷᠢᠳᠬᠡᠯ ᠢᠶᠠᠨ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/15
      1. ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠣᠭᠰᠠᠨ ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠤ ᠪᠦᠷᠢᠳᠬᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ ︾ ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠣᠨ᠎ᠠ︶︔      2. ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾ ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠤᠨ᠎ᠠ︶ ᠵᠢᠴᠢ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃      ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃ 3. ᠠᠵᠤ ᠠᠬᠤᠶᠢᠯᠠᠯ ᠤᠨ ᠪᠦᠷᠢᠳᠭᠡᠯᠭᠡᠬᠦ ᠪᠠᠷ ᠭᠤᠶᠤᠴᠢᠯᠠᠭᠰᠠᠨ ᠡᠵᠡᠩᠨᠡᠯᠲᠡ ᠶᠢᠨ ᠬᠡᠪᠴᠢᠶᠡᠨ ᠳᠤᠳᠤᠷ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠪᠦᠷᠢᠳᠭᠡᠯᠭᠡᠬᠦ ᠠᠴᠠ ᠡᠮᠦᠨ᠎ᠡ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠲᠦᠷᠦᠯ ᠵᠦᠢᠯ ᠪᠠᠶᠢᠪᠠᠯ᠂ ᠬᠤᠯᠪᠣᠭᠳᠠᠯ ᠪᠦᠬᠦᠢ ᠵᠦᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠪᠤᠶᠤ ᠵᠥᠪᠰᠢᠶᠡᠷᠡᠯ ᠤᠨ ᠦᠨᠡᠮᠯᠡᠯ ᠢ ᠲᠤᠰᠢᠶᠠᠨ᠎ᠠ︔      4. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠤᠭᠳᠠᠭᠠᠯ ᠳᠤ ᠡᠵᠡᠩᠨᠡᠯᠲᠡ ᠶᠢᠨ ᠬᠡᠪᠴᠢᠶ᠎ᠡ ᠪᠠᠨ ᠬᠤᠪᠢᠷᠠᠭᠤᠯᠬᠤ ᠳᠤ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠠᠢ ᠭᠡᠵᠦ ᠲᠣᠭᠲᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠵᠥᠪᠰᠢᠶᠡᠯ ᠤᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔ 5. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ︾᠎ ᠤᠨ ᠳᠡᠳ᠋ ᠳᠡᠪᠲᠡᠷ᠃ ᠲᠤᠲᠤᠷᠬᠠᠶᠢᠯᠠᠯᠲᠠ᠄     1. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠪᠦᠷᠢᠳᠭᠡᠯ ᠤᠨ ᠬᠠᠮᠢᠶᠠᠷᠤᠯᠲᠠ ᠶᠢᠨ ᠳᠦᠷᠢᠮ︾᠎ ᠤᠨ ᠶᠣᠰᠤᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠬᠡᠪᠴᠢᠶ᠎ᠡ ᠪᠠᠨ ᠬᠤᠪᠢᠷᠠᠭᠤᠯᠤᠨ ᠪᠦᠷᠢᠳᠭᠡᠯᠭᠡᠬᠦ ᠪᠠᠷ ᠭᠤᠶᠤᠴᠢᠯᠠᠬᠤ ᠳᠤ ᠲᠤᠰ ᠵᠢᠷᠤᠮᠵᠢᠯ ᠳᠣᠬᠢᠷᠠᠨ᠎ᠠ᠃     2. ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠤ ᠪᠦᠷᠢᠳᠬᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠎ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠣᠴᠢᠨ ᠠᠪᠴᠤ ᠪᠤᠯᠤᠨ᠎ᠠ᠃     3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠬᠡᠷᠡᠭᠯᠡᠨ᠎ᠡ     ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠶᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ ᠲᠤᠲᠤᠷᠬᠠᠶᠢᠯᠠᠬᠤ ᠶᠢᠨ ᠬᠠᠮᠲᠤ ᠠᠵᠤ ᠠᠬᠤᠶᠢᠯᠠᠯ ᠭᠠᠷ ᠤᠨ ᠦᠰᠦᠭ ᠵᠢᠷᠤᠬᠤ ᠡᠰᠡᠭᠦᠯ᠎ᠡ ᠲᠡᠭᠦᠨ ᠤ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1