ᠠᠵᠤ ᠠᠬᠤᠶᠢᠯᠠᠯ ᠬᠠᠤᠯᠢ ᠶᠢᠨ ᠡᠷᠬᠡᠲᠡᠨ ᠤ ᠬᠦᠴᠦᠨ ᠦᠭᠡᠢ ᠪᠣᠯᠭᠠᠨ ᠪᠦᠷᠢᠳᠭᠡᠭᠦᠯᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/15
         1. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠬᠦᠴᠦᠨ ᠦᠭᠡᠢ ᠪᠣᠯᠭᠠᠨ ᠪᠦᠷᠢᠳᠭᠡᠭᠦᠯᠬᠦ ᠭᠤᠶᠤᠴᠢᠯᠠᠯ ᠤᠨ ᠪᠢᠴᠢᠭ︾ ︵ᠠᠵᠤ ᠠᠬᠤᠶᠢᠯᠠᠯ ᠪᠤᠯᠤᠨ ᠠᠯᠪᠠᠨ ᠲᠠᠮᠠᠭ᠎ᠠ ᠪᠠᠨ ᠳᠠᠷᠤᠨ᠎ᠠ︶︔     2. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠰᠠᠨ ᠲᠦᠯᠦᠭᠡᠯᠡᠭᠴᠢ ᠪᠤᠶᠤ ᠬᠠᠮᠲᠤᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾ ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠤᠨ᠎ᠠ︶ ᠬᠢᠭᠡᠳ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠥᠷᠢ︔ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠦᠢᠴᠡᠳᠭᠡᠬᠦ ᠵᠦᠢᠯ᠂ ᠡᠷᠬᠡ ᠮᠡᠳᠡᠯ᠂ ᠤᠯᠭᠤᠭᠰᠠᠨ ᠡᠷᠭᠡ ᠶᠢᠨ ᠬᠤᠭᠤᠴᠠᠭ᠎ᠠ ᠶᠢ ᠲᠤᠲᠤᠷᠬᠠᠶᠢᠯᠠᠬᠤ ᠬᠡᠷᠡᠭᠲᠠᠢ᠃    3. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠪᠡᠯᠡ ᠭᠠᠷᠭᠠᠭᠴᠢ︶᠎ ᠤᠨ ᠵᠦᠪᠰᠢᠶᠡᠷᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠬᠦᠴᠦᠨ ᠦᠭᠡᠢ ᠪᠤᠯᠭᠠᠬᠤ ᠪᠢᠴᠢᠭ ᠮᠠᠲ᠋ᠧᠷᠢᠶᠠᠯ᠂ ᠡᠰᠡᠭᠦᠯ᠎ᠡ ᠵᠠᠰᠠᠭ ᠤᠨ ᠤᠷᠳᠤᠨ ᠠᠴᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠬᠠᠤᠯᠢ ᠶᠣᠰᠤᠭᠠᠷ ᠵᠠᠷᠯᠢᠭᠳᠠᠵᠦ ᠪᠠᠶᠢᠭᠠᠳ ᠡᠭᠦᠳᠡ ᠶᠢ ᠨᠢ ᠬᠠᠭᠠᠯᠭᠠᠬᠤ ᠪᠢᠴᠢᠭ ᠮᠠᠲ᠋ᠧᠷᠢᠶᠠᠯ᠂ ᠡᠰᠡᠭᠦᠯ᠎ᠡ ᠠᠷᠠᠳ ᠤᠨ ᠰᠢᠬᠦᠬᠦ ᠬᠤᠷᠢᠶ᠎ᠠ ᠠᠴᠠ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠳᠤ ᠬᠠᠨᠳᠤᠭᠤᠯᠤᠭᠰᠠᠨ ᠲᠠᠮᠫᠤᠷᠠᠭᠤᠯᠬᠤ ᠲᠣᠭᠲᠠᠭᠠᠯᠲᠠ︔     4. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠠᠵᠤ ᠠᠬᠤᠶᠢᠯᠠᠯ ᠶᠢᠨ ᠬᠠᠤᠯᠢ ᠶᠢᠨ ᠡᠷᠬᠡᠲᠡᠨ ᠬᠦᠴᠦᠨ ᠦᠭᠡᠢ ᠪᠣᠯᠭᠠᠨ ᠪᠦᠷᠢᠳᠭᠡᠭᠦᠯᠬᠦ ᠶᠢ ᠬᠦᠢᠴᠡᠳᠭᠡᠬᠦ ᠳᠤ ᠡᠷᠬᠡᠪᠰᠢ ᠮᠡᠳᠡᠭᠦᠯᠥᠨ ᠵᠦᠪᠰᠢᠶᠡᠷᠡᠬᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠪᠠᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠠᠨ᠎ᠠ︔         5. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠪᠡᠯᠡ ᠭᠠᠷᠭᠠᠭᠴᠢ︶᠎ ᠤᠨ ᠬᠢᠵᠦ ᠦᠭᠭᠦᠭᠰᠡᠨ ᠦᠷᠢ ᠦᠭᠴᠡᠭᠡ ᠶᠢ ᠢᠯᠭᠠᠷᠠᠭᠤᠯᠵᠦ ᠳᠠᠭᠤᠰᠬᠠᠭᠰᠠᠨ ᠤ ᠬᠡᠷᠡᠴᠢ ᠪᠤᠶᠤ ᠳᠠᠩᠰᠠ ᠪᠤᠳᠤᠬᠤ ᠵᠣᠬᠢᠶᠠᠨ ᠪᠠᠶᠢᠭᠤᠯᠤᠯᠲᠠ ᠲᠣᠭᠲᠠᠭᠠᠨ ᠦᠭᠴᠡᠭᠡ ᠠᠪᠴᠠᠭ᠎ᠠ ᠶᠢ ᠢᠯᠭᠠᠷᠠᠭᠤᠯᠬᠤ ᠶᠢ ᠬᠠᠷᠢᠭᠤᠴᠠᠭᠤᠯᠬᠤ ᠪᠢᠴᠢᠭ ᠮᠠᠲ᠋ᠧᠷᠢᠶᠠᠯ︔     6. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠠᠯᠲᠡ ᠶᠢᠨ ᠦᠨᠡᠮᠯᠡᠯ︾ ᠵᠢᠩᠬᠢᠨᠢ᠂ ᠳᠡᠳ᠋ ᠳᠡᠪᠲᠡᠷ︔     7. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠠᠯᠪᠠᠨ ᠲᠠᠮᠠᠭ᠎ᠠ︔     8. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠤᠭᠲᠠᠭᠠᠭᠰᠠᠨ ᠲᠤᠰᠢᠶᠠᠬᠤ ᠬᠡᠷᠡᠭᠲᠡᠢ ᠪᠤᠰᠤᠳ ᠮᠠᠲ᠋ᠧᠷᠢᠶᠠᠯ᠃     ᠲᠤᠲᠤᠷᠬᠠᠶᠢᠯᠠᠬᠤ ᠨᠢ᠄    1. ︽ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠪᠦᠷᠢᠳᠭᠡᠭᠦᠯᠬᠦ ᠬᠠᠮᠢᠶᠠᠷᠤᠯᠲᠠ ᠶᠢᠨ ᠳᠦᠷᠢᠮ︾᠎ ᠤᠨ ᠶᠣᠰᠤᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠭᠤᠶᠤᠴᠢᠯᠠᠵᠦ ᠬᠦᠴᠦᠨ ᠦᠭᠡᠢ ᠪᠣᠯᠭᠠᠨ ᠪᠦᠷᠢᠳᠭᠡᠭᠦᠯᠬᠦ ᠳᠤ ᠲᠤᠰ ᠵᠢᠷᠤᠮᠵᠢᠯ ᠲᠤᠬᠢᠷᠠᠨ᠎ᠠ᠃     2. ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠦᠴᠦᠨ ᠦᠭᠡᠢ ᠪᠣᠯᠭᠠᠨ ᠪᠦᠷᠢᠳᠭᠡᠭᠦᠯᠬᠦ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾᠎ ᠶᠢ ᠤᠯᠤᠰ ᠤᠨ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠪᠦᠷᠢᠳᠭᠡᠭᠦᠯᠬᠦ ᠰᠦᠯᠵᠢᠶ᠎ᠠ︾᠎ ᠪᠠᠷ ᠳᠠᠮᠵᠢᠭᠤᠯᠤᠨ ︵http://qyj.saic.gov.cn︶ ᠲᠠᠲᠠᠬᠤ ᠪᠤᠶᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠠᠪᠴᠦ ᠪᠣᠯᠤᠨ᠎ᠠ᠃     3. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4᠎ ᠶᠢᠨ ᠴᠠᠭᠠᠰᠤ ᠶᠢ ᠬᠡᠷᠡᠭᠯᠡᠬᠦ ᠬᠡᠷᠡᠭᠲᠡᠢ᠃     ᠳᠡᠭᠡᠷ᠎ᠡ ᠦᠭᠦᠯᠡᠭᠰᠡᠨ ᠵᠦᠢᠯ ᠤᠳ ᠤᠨ ᠬᠠᠭᠤᠯᠪᠥᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ  ᠳᠤᠨᠢ ᠤᠭ ᠵᠦᠢᠯ ᠢ ᠲᠤᠰᠢᠶᠠᠬᠤ ᠬᠡᠷᠡᠭᠲᠠᠢ︔ ᠬᠠᠭᠤᠯᠪᠥᠷᠢ ᠲᠤᠰᠢᠶᠠᠬᠤ ᠲᠤᠰᠢᠶᠠᠬᠤ ᠳᠤᠨᠢ ᠤᠭ ᠵᠦᠢᠯ ᠲᠠᠢ ᠪᠠᠨ ᠨᠢᠭᠡᠳᠦᠯᠲᠠᠢ︾ ᠬᠡᠵᠤ ᠲᠤᠲᠤᠷᠬᠠᠶᠢᠯᠠᠬᠤ ᠶᠢᠨ ᠬᠠᠮᠲᠤ ᠺᠤᠮᠫᠠᠨᠢ ᠠᠴᠠ ᠭᠠᠷ ᠤᠨ ᠦᠰᠦᠭ ᠵᠢᠷᠤᠬᠤ ᠬᠡᠷᠡᠭᠲᠡᠢ᠂ᠡᠰᠡᠭᠦᠯ᠎ᠡ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠭᠴᠢ ᠨᠢ ᠠᠯᠪᠠᠨ ᠲᠠᠮᠠᠭ᠎ᠠ ᠪᠠᠨ ᠳᠠᠷᠤᠬᠤ ᠪᠤᠶᠤ ᠭᠠᠷ ᠤᠨ ᠦᠰᠦᠭ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1