ᠺᠤᠮᠫᠠᠨᠢ ᠶᠢᠨ ᠬᠡᠯᠪᠡᠷᠢ ᠪᠠᠨ ᠬᠤᠪᠢᠷᠠᠭᠠᠨ ᠪᠦᠷᠢᠳᠭᠡᠭᠦᠯᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/15
         1. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ ᠬᠡᠯᠪᠡᠷᠢ ᠪᠠᠨ ᠬᠤᠪᠢᠷᠠᠭᠠᠨ ᠪᠦᠷᠢᠳᠭᠡᠭᠦᠯᠬᠦ ᠭᠤᠶᠤᠴᠢᠯᠠᠯ ᠤᠨ ᠪᠢᠴᠢᠭ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ ︶︔     2. ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾ ︵ᠺᠣᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶ ᠬᠢᠭᠡᠳ ᠵᠢᠭᠠᠨ ᠲᠣᠭᠲᠠᠭᠠᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠥᠷᠢ︔     ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠦᠢᠴᠡᠳᠭᠡᠬᠦ ᠵᠦᠢᠯ᠂ ᠡᠷᠬᠡ ᠮᠡᠳᠡᠯ᠂ ᠤᠯᠭᠤᠭᠰᠠᠨ ᠡᠷᠭᠡ ᠶᠢᠨ ᠬᠤᠭᠤᠴᠠᠭ᠎ᠠ ᠶᠢ ᠲᠤᠲᠤᠷᠬᠠᠶᠢᠯᠠᠬᠤ ᠬᠡᠷᠡᠭᠲᠠᠢ᠃     3. ᠺᠤᠮᠫᠠᠨᠢ ᠶᠢᠨ ᠬᠡᠯᠪᠡᠷᠢ ᠪᠠᠨ ᠬᠤᠪᠢᠷᠠᠭᠠᠬᠤ ᠪᠠ ᠺᠤᠮᠫᠠᠨᠢ ᠶᠢᠨ ᠳᠦᠷᠢᠮ ᠳᠡᠭᠡᠨ ᠵᠠᠰᠠᠪᠥᠷᠢ ᠣᠷᠣᠭᠤᠯᠬᠤ ᠲᠤᠬᠠᠢ ᠰᠢᠢᠳᠪᠦᠷᠢ᠂ ᠲᠤᠭᠲᠠᠭᠠᠯ︔     ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠣᠯ ᠭᠤᠷᠪᠠᠨ ᠤ ᠬᠤᠶᠠᠷ ᠠᠴᠠ ᠳᠡᠭᠡᠭᠰᠢᠬᠢ ᠪᠠᠲᠤᠯᠠᠬᠤ ᠡᠷᠬᠡ ᠶᠢ ᠲᠦᠯᠥᠭᠡᠯᠡᠭᠰᠡᠨ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠡᠪᠯᠡᠯ ᠤᠨ ᠰᠢᠢᠳᠪᠦᠷᠢ ᠶᠢ ᠲᠤᠰᠢᠶᠠᠨ᠎ᠠ︔ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠪᠣᠯ ᠬᠤᠷᠠᠯ ᠤᠨ ᠡᠷᠬᠢᠯᠡᠭᠴᠢ ᠬᠢᠭᠡᠳ ᠬᠤᠷᠠᠯ ᠳᠤ ᠤᠷᠤᠯᠴᠠᠭᠰᠠᠨ ᠬᠡᠷᠡᠭ ᠮᠡᠳᠡᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠶᠡᠭᠡ ᠬᠤᠷᠠᠯ ᠤᠨ ᠲᠡᠮᠳᠡᠭᠯᠡᠯ ᠢ ᠲᠤᠰᠢᠶᠠᠨ᠎ᠠ︔ ᠭᠠᠭᠴᠠ ᠬᠦᠮᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠣᠯ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠪᠢᠴᠢᠭᠯᠡᠭᠰᠡᠨ ᠲᠤᠭᠲᠠᠭᠠᠯ ᠢ ᠲᠤᠰᠢᠶᠠᠨ᠎ᠠ᠃ ᠤᠯᠤᠰ ᠤᠨ ᠦᠮᠴᠢᠯᠠᠯᠲᠤ ᠲᠤᠰᠠᠭᠠᠷ ᠪᠡᠯᠡ ᠤᠷᠤᠭᠤᠯᠤᠭᠰᠠᠨ ᠺᠤᠮᠫᠠᠨᠢ ᠪᠣᠯ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠤᠶᠤ ᠲᠡᠭᠦᠨ ᠤ ᠡᠷᠭᠡ ᠤᠯᠭᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠡᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠡᠨ᠎ᠡ᠃    4. ᠵᠠᠰᠠᠪᠥᠷᠢ ᠣᠷᠣᠭᠤᠯᠤᠭᠰᠠᠨ ᠤ ᠳᠠᠷᠠᠭᠠᠬᠢ ᠺᠤᠮᠫᠠᠨᠢ ᠶᠢᠨ ᠳᠦᠷᠢᠮ ᠪᠤᠶᠤ ᠺᠤᠮᠫᠠᠨᠢ ᠶᠢᠨ ᠳᠦᠷᠢᠮ ᠳᠡᠭᠡᠨ ᠵᠠᠰᠠᠪᠥᠷᠢ ᠣᠷᠣᠭᠤᠯᠬᠤ ᠲᠦᠰᠥᠯ ︵ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠭᠠᠷ ᠤᠨ ᠦᠰᠦᠭ ᠵᠢᠷᠤᠨ᠎ᠠ︶︔    5. ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠪᠤᠯᠭᠠᠨ ᠬᠤᠪᠢᠷᠠᠭᠤᠯᠪᠠᠯ᠂ ᠪᠡᠯᠡ ᠰᠢᠯᠭᠠᠭᠰᠠᠨ ᠮᠡᠳᠡᠭᠦᠯᠦᠯᠲᠡ ᠶᠢ ᠲᠤᠰᠢᠶᠠᠨ᠎ᠠ︔    6. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠭᠲᠠᠭᠠᠯ ᠳᠤ ᠺᠤᠮᠫᠠᠨᠢ ᠶᠢᠨ ᠬᠡᠯᠪᠡᠷᠢ ᠪᠠᠨ ᠬᠤᠪᠢᠷᠠᠭᠠᠬᠤ ᠪᠠᠷ ᠡᠷᠬᠡᠪᠰᠢ ᠮᠡᠳᠡᠭᠦᠯᠵᠦ ᠵᠦᠪᠰᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠪᠠᠯ᠂ ᠬᠤᠯᠪᠤᠭᠳᠠᠯ ᠪᠦᠬᠦᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠵᠦᠪᠰᠢᠶᠡᠷᠡᠯ ᠤᠨ ᠦᠨᠡᠮᠯᠡᠯ ᠤᠨ ᠬᠠᠭᠤᠯᠪᠥᠷᠢ ᠶᠢ ᠲᠤᠰᠢᠶᠠᠨ᠎ᠠ︔    7. ᠺᠤᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠥᠷᠢ ᠳᠡᠪᠲᠡᠷ᠃     ᠺᠤᠮᠫᠠᠨᠢ ᠬᠡᠯᠪᠡᠷᠢ ᠪᠠᠨ ᠬᠤᠪᠢᠷᠠᠭᠠᠬᠤ ᠨᠢ ᠪᠤᠰᠤᠳ ᠪᠦᠷᠢᠳᠭᠡᠭᠦᠯᠥᠭᠰᠡᠨ ᠵᠦᠢᠯ ᠢ ᠬᠤᠪᠢᠷᠠᠭᠠᠬᠤ ᠲᠠᠢ ᠬᠤᠯᠪᠤᠭᠳᠠᠪᠠᠯ᠂ ᠵᠡᠷᠭᠡ ᠳᠤᠨᠢ ᠭᠤᠶᠤᠴᠢᠯᠠᠨ ᠬᠤᠪᠢᠷᠠᠭᠠᠨ ᠪᠦᠷᠢᠳᠭᠡᠭᠦᠯᠬᠦ ᠬᠡᠷᠡᠭᠲᠡᠢ ᠪᠦᠭᠡᠳ ᠵᠣᠬᠢᠴᠠᠩᠭᠤᠢ ᠲᠤᠰᠢᠶᠠᠬᠤ ᠮᠠᠲ᠋ᠧᠷᠢᠶᠠᠯ ᠤᠨ ᠵᠠᠭᠪᠤᠷ ᠶᠣᠰᠤᠭᠠᠷ ᠵᠣᠬᠢᠴᠠᠩᠭᠤᠢ ᠮᠠᠲ᠋ᠧᠷᠢᠶᠠᠯ ᠢᠶᠠᠨ ᠵᠢᠷᠤᠮᠵᠢᠭᠤᠯᠤᠨ ᠲᠤᠰᠢᠶᠠᠬᠤ ᠬᠡᠷᠡᠭᠲᠡᠢ᠃     ᠲᠤᠲᠤᠷᠬᠠᠶᠢᠯᠠᠬᠤ ᠨᠢ᠄ 1. ︽ᠺᠤᠮᠫᠠᠨᠢ ᠶᠢᠨ ᠬᠠᠤᠯᠢ︾᠂ ︽ᠺᠤᠮᠫᠠᠨᠢ ᠪᠦᠷᠢᠳᠭᠡᠭᠦᠯᠬᠦ ᠬᠠᠮᠢᠶᠠᠷᠤᠯᠲᠠ ᠶᠢᠨ ᠳᠦᠷᠢᠮ︾᠎ ᠤᠨ ᠶᠣᠰᠤᠭᠠᠷ ᠪᠠᠶᠢᠭᠤᠯᠤᠭᠰᠠᠨ ᠺᠤᠮᠫᠠᠨᠢ ᠨᠢ ᠺᠣᠮᠫᠠᠨᠢ ᠶᠢᠨ ᠬᠡᠯᠪᠡᠷᠢ ᠪᠠᠨ ᠬᠤᠪᠢᠷᠠᠭᠠᠬᠤ ᠪᠠᠷ ᠭᠤᠶᠤᠴᠢᠯᠠᠵᠦ ᠬᠤᠪᠢᠷᠠᠭᠠᠨ ᠪᠦᠷᠢᠳᠭᠡᠭᠦᠯᠬᠦ ᠳᠤ ᠲᠤᠰ ᠵᠢᠷᠤᠮᠵᠢᠯ ᠲᠣᠬᠢᠷᠠᠨ᠎ᠠ᠃     2. ︽ᠺᠤᠮᠫᠠᠨᠢ ᠪᠠᠨ ᠬᠤᠪᠢᠷᠠᠭᠠᠨ ᠪᠦᠷᠢᠳᠭᠡᠭᠦᠯᠬᠦ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾᠎ ᠶᠢ ᠤᠯᠤᠰ ᠤᠨ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠪᠦᠷᠢᠳᠭᠡᠭᠦᠯᠬᠦ ᠰᠦᠯᠵᠢᠶ᠎ᠡ︾ ︵http://qyj.saic.gov.cn︶᠎ ᠪᠠᠷ ᠳᠠᠮᠵᠢᠭᠤᠯᠤᠨ ᠲᠠᠲᠠᠬᠤ ᠪᠤᠶᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠠᠪᠴᠦ ᠪᠣᠯᠤᠨ᠎ᠠ᠃     3. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4᠎ ᠶᠢᠨ ᠴᠠᠭᠠᠰᠤ ᠶᠢ ᠬᠡᠷᠡᠭᠯᠡᠬᠦ ᠬᠡᠷᠡᠭᠲᠡᠢ᠃     ᠳᠡᠭᠡᠷᠡᠬᠢ ᠵᠦᠢᠯ ᠤᠳ ᠤᠨ ᠬᠠᠭᠤᠯᠪᠥᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠳᠤᠨᠢ ᠤᠭ ᠵᠦᠢᠯ ᠢ ᠲᠤᠰᠢᠶᠠᠬᠤ ᠬᠡᠷᠡᠭᠲᠠᠢ︔ ᠬᠠᠭᠤᠯᠪᠥᠷᠢ ᠲᠤᠰᠢᠶᠠᠬᠤ ᠳᠤᠨᠢ ᠪᠣᠯ ︽ᠤᠭ ᠵᠦᠢᠯ ᠲᠠᠢ ᠪᠠᠨ ᠨᠢᠭᠡᠳᠦᠯᠲᠠᠢ︾ ᠬᠡᠵᠤ ᠲᠤᠲᠤᠷᠬᠠᠶᠢᠯᠠᠬᠤ ᠶᠢᠨ ᠬᠠᠮᠲᠤ ᠺᠤᠮᠫᠠᠨᠢ ᠠᠴᠠ ᠭᠠᠷ ᠤᠨ ᠦᠰᠦᠭ ᠵᠢᠷᠤᠬᠤ ᠪᠤᠶᠤ ᠵᠢᠭᠠᠨ ᠲᠣᠭᠲᠠᠭᠠᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠭᠴᠢ ᠨᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠬᠤ ᠬᠡᠷᠡᠭᠲᠡᠢ᠃     4. ᠳᠡᠭᠡᠷ᠎ᠡ ᠦᠭᠦᠯᠡᠭᠰᠡᠨ ᠳᠤ ᠬᠤᠪᠢ ᠤᠷᠤᠭᠤᠯᠤᠭᠴᠢ ᠭᠠᠷ ᠤᠨ ᠦᠰᠦᠭ ᠵᠢᠷᠤᠬᠤ ᠲᠠᠢ ᠬᠤᠯᠪᠤᠭᠳᠠᠬᠤ ᠳᠤᠨᠢ ᠪᠠᠶᠢᠭᠠᠯᠢ ᠬᠦᠮᠦᠨ ᠬᠤᠪᠢ ᠤᠷᠤᠭᠤᠯᠤᠭᠴᠢ ᠪᠠᠶᠢᠪᠠᠯ ᠲᠤᠰ ᠬᠦᠮᠦᠨ ᠨᠢ ᠭᠠᠷ ᠤᠨ ᠦᠰᠦᠭ ᠵᠢᠷᠤᠨ᠎ᠠ︔ ᠪᠠᠶᠢᠭᠠᠯᠢ ᠬᠦᠮᠦᠨ ᠠᠴᠠ ᠭᠠᠳᠠᠨᠠᠬᠢ ᠬᠤᠪᠢ ᠤᠷᠤᠭᠤᠯᠤᠭᠴᠢ ᠪᠠᠶᠢᠪᠠᠯ ᠠᠯᠪᠠᠨ ᠲᠠᠮᠠᠭ᠎ᠠ ᠳᠠᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1