ᠡᠷᠬᠡ ᠣᠯᠭᠤᠭᠰᠠᠨ ᠬᠠᠷᠢᠶ᠎ᠠ ᠭᠠᠵᠠᠷ ᠢᠶᠠᠨ ᠪᠦᠷᠢᠳᠬᠡᠯᠭᠡᠬᠦ ᠪᠠᠷ ᠭᠤᠶᠤᠴᠢᠯᠠᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/15
        1. ᠠᠵᠤ ᠠᠬᠤᠶᠢᠯᠠᠯ ︵ᠺᠣᠮᠫᠠᠨᠢ︶᠎ ᠤᠨ ᠪᠡᠯᠡ ᠭᠠᠷᠭᠠᠭᠴᠢ ︵ᠬᠤᠪᠢ ᠣᠷᠣᠭᠤᠯᠤᠭᠴᠢ ᠪᠤᠶᠤ ᠡᠭᠦᠰᠭᠡᠨ ᠪᠠᠶᠢᠭᠤᠯᠤᠭᠴᠢ︶᠎ ᠶᠢᠨ ᠭᠠᠷ ᠤᠨ ᠦᠰᠦᠭ ᠵᠢᠷᠣᠭᠰᠠᠨ ᠠᠵᠤ ᠠᠬᠤᠶᠢᠯᠠᠯ ︵ᠺᠣᠮᠫᠠᠨᠢ︶᠎ ᠨᠢ ᠰᠠᠭᠤᠭ᠎ᠠ ᠭᠠᠵᠠᠷ ᠤᠨ ᠢᠶᠠᠨ ᠪᠦᠷᠢᠳᠭᠡᠯ ᠤᠨ ᠬᠠᠮᠢᠶᠠᠷᠤᠯᠲᠠ ᠶᠢᠨ ᠪᠠᠶᠢᠭᠤᠯᠭ᠎ᠠ ᠳᠤ ᠪᠦᠷᠢᠳᠭᠡᠯᠭᠡᠬᠦ ᠪᠠᠷ ᠪᠠᠶᠢᠭ᠎ᠠ ᠭᠤᠶᠤᠴᠢᠯᠠᠯ ᠤᠨ ᠮᠡᠳᠡᠭᠦᠯᠦᠯᠲᠡ︔     2. ᠠᠵᠤ ᠠᠬᠤᠶᠢᠯᠠᠯ ︵ᠺᠣᠮᠫᠠᠨᠢ︶᠎ ᠤᠨ ᠪᠡᠯᠡ ᠭᠠᠷᠭᠠᠭᠴᠢ ︵ᠬᠤᠪᠢ ᠣᠷᠣᠭᠤᠯᠤᠭᠴᠢ ᠪᠤᠶᠤ ᠡᠭᠦᠰᠭᠡᠨ ᠪᠠᠶᠢᠭᠤᠯᠤᠭᠴᠢ︶᠎ ᠶᠢᠨ ᠭᠠᠷ ᠤᠨ ᠦᠰᠦᠭ ᠵᠢᠷᠣᠭᠰᠠᠨ ︽ᠵᠢᠭᠠᠨ ᠲᠣᠭᠲᠠᠭᠠᠭᠰᠠᠨ ᠲᠥᠯᠥᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾ ᠵᠢᠴᠢ ᠵᠢᠭᠠᠨ ᠲᠣᠭᠲᠠᠭᠠᠭᠰᠠᠨ ᠲᠥᠯᠥᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠬᠡᠭᠴᠢ ᠶᠢᠨ ᠪᠡᠶ᠎ᠡ ᠦᠨᠡᠮᠯᠡᠯ ᠤᠨ ᠬᠠᠭᠤᠯᠪᠤᠷᠢ︔ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠤᠷᠤᠯᠠᠨ ᠬᠦᠢᠴᠡᠳᠭᠡᠭᠴᠢ ᠶᠢᠨ ᠬᠦᠢᠴᠡᠳᠭᠡᠬᠦ ᠵᠦᠢᠯ᠂ ᠡᠷᠭᠡ ᠮᠡᠳᠡᠯ᠂ ᠤᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠤᠲᠤᠷᠬᠠᠶᠢᠯᠠᠬᠤ ᠬᠡᠷᠡᠭᠲᠠᠢ᠃     3. ︽ᠠᠵᠤ ᠠᠬᠤᠶᠢᠯᠠᠯ ᠤᠨ ᠨᠡᠷᠡᠶᠢᠳᠦᠯ ᠢ ᠣᠷᠢᠳᠴᠢᠯᠠᠨ ᠬᠢᠨᠠᠨ ᠵᠥᠪᠰᠢᠶᠡᠷᠡᠬᠦ ᠮᠡᠳᠡᠭᠳᠡᠯ ᠤᠨ ᠪᠢᠴᠢᠭ︾᠎ ᠤᠨ ᠬᠠᠭᠤᠯᠪᠤᠷᠢ︔     4. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠤᠭᠳᠠᠭᠠᠯ ᠳᠤ ᠠᠵᠤ ᠠᠬᠤᠶᠢᠯᠠᠯ ᠪᠠᠶᠢᠭᠤᠯᠬᠤ ᠳᠤ ᠡᠷᠬᠡᠪᠰᠢ ᠮᠡᠳᠡᠭᠦᠯᠦᠨ ᠵᠥᠪᠰᠢᠶᠡᠷᠡᠬᠦᠯᠬᠦ ᠬᠡᠷᠡᠭᠲᠠᠢ ᠬᠡᠵᠦ ᠲᠤᠭᠳᠠᠭᠠᠭᠰᠠᠨ ᠪᠠᠶᠢᠪᠠᠯ᠂ ᠬᠤᠯᠪᠤᠭᠳᠠᠯ ᠪᠦᠬᠦᠢ ᠵᠥᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃      ᠲᠤᠳᠤᠷᠬᠠᠶᠢᠯᠠᠯᠲᠠ᠄ 1. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠪᠦᠷᠢᠳᠭᠡᠨ ᠬᠠᠮᠢᠶᠠᠷᠬᠤ ᠳᠦᠷᠢᠮ︾ ᠪᠠ ︽ᠺᠣᠮᠫᠠᠨᠢ ᠶᠢᠨ ᠪᠦᠷᠢᠳᠭᠡᠯ ᠤᠨ ᠬᠠᠮᠢᠶᠠᠷᠤᠯᠳᠠ ᠶᠢᠨ ᠳᠦᠷᠢᠮ︾᠎ ᠤᠨ ᠪᠦᠷᠢᠳᠭᠡᠯᠭᠡᠬᠦ ᠬᠠᠷᠢᠶ᠎ᠠ ᠶᠢᠨ ᠲᠤᠬᠠᠢ ᠲᠣᠭᠲᠠᠭᠠᠯ ᠢ ᠦᠨᠳᠦᠰᠦᠯᠡᠨ᠂ ᠳᠡᠭᠡᠳᠦ ᠱᠠᠲᠤᠨ ᠤ ᠪᠦᠷᠢᠳᠭᠡᠯ ᠤᠨ ᠬᠠᠮᠢᠶᠠᠷᠤᠯᠳᠠ ᠶᠢᠨ ᠪᠠᠶᠢᠭᠤᠯᠭ᠎ᠠ ᠨᠢ ᠪᠦ᠋ᠷᠢᠳᠭᠡᠯ ᠢ ᠨᠢ ᠭᠦᠢᠴᠡᠳᠭᠡᠵᠦ ᠦᠭᠬᠦ ᠠᠵᠤ ᠠᠬᠤᠶᠢᠯᠠᠯ ᠰᠠᠭᠤᠭ᠎ᠠ ᠭᠠᠵᠠᠷ ᠤᠨ ᠢᠶᠠᠨ ᠪᠦᠷᠢᠳᠭᠡᠨ ᠬᠠᠮᠢᠶᠠᠷᠬᠤ ᠪᠠᠶᠢᠭᠤᠯᠭ᠎ᠠ ᠳᠤ ᠪᠦᠷᠢᠳᠭᠡᠭᠦᠯᠬᠦ ᠪᠠᠷ ᠭᠤᠶᠤᠴᠢᠯᠠᠬᠤ ᠳᠤ ᠲᠤᠰ ᠵᠢᠷᠤᠮᠵᠢᠯ ᠳᠤᠬᠢᠷᠠᠨ᠎ᠠ᠃      2. ︽ᠵᠢᠭᠠᠨ ᠲᠣᠭᠲᠠᠭᠠᠭᠰᠠᠨ ᠲᠥᠯᠥᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠎ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠣᠴᠢᠨ ᠠᠪᠴᠤ ᠪᠤᠯᠤᠨ᠎ᠠ᠃      3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠬᠡᠷᠡᠭᠯᠡᠨ᠎ᠡ᠃      ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠶᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ ᠲᠤᠲᠤᠷᠬᠠᠶᠢᠯᠠᠬᠤ ᠶᠢᠨ ᠬᠠᠮᠲᠤ ᠠᠵᠤ ᠠᠬᠤᠶᠢᠯᠠᠯ ︵ᠺᠣᠮᠫᠠᠨᠢ︶᠎ ᠶᠢᠨ ᠪᠡᠯᠡ ᠭᠠᠷᠭᠠᠭᠴᠢ ︵ᠬᠤᠪᠢ ᠣᠷᠣᠭᠤᠯᠤᠭᠴᠢ ᠪᠤᠶᠤ ᠡᠭᠦᠰᠭᠡᠨ ᠪᠠᠶᠢᠭᠤᠯᠤᠭᠴᠢ︶ ᠭᠠᠷ ᠤᠨ ᠦᠰᠦᠭ ᠵᠢᠷᠤᠬᠤ ᠡᠰᠡᠭᠦᠯ᠎ᠡ ᠲᠡᠭᠦᠨ ᠤ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1