ᠠᠶᠤᠯᠲᠠᠢ ᠬᠢᠮᠢ ᠶᠢᠨ ᠪᠤᠳᠠᠰ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠭᠦᠢᠴᠡᠳᠭᠡᠬᠦ ᠦᠢᠯᠡᠴᠢᠯᠡᠭᠡᠨ ᠤ ᠬᠦᠢᠴᠡᠳᠭᠡᠬᠦ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2017/11/15
    ᠨᠢᠭᠡ᠂ ᠭᠤᠶᠤᠴᠢᠯᠠᠬᠤ     ︵ᠨᠢᠭᠡ︶ ᠲᠤᠰᠢᠶᠠᠬᠤ ᠮᠠᠲ᠋ᠧᠷᠢᠶᠠᠯ     1. ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠪᠢᠴᠢᠭ ᠮᠠᠲ᠋ᠧᠷᠢᠶᠠᠯ ᠬᠢᠭᠡᠳ ᠭᠤᠶᠤᠴᠢᠯᠠᠯ ᠤᠨ ᠪᠢᠴᠢᠭ     2. ᠠᠶᠤᠯ ᠦᠬᠡᠢ ᠦᠢᠯᠡᠳᠪᠤᠷᠢᠯᠡᠯ ᠤᠨ ᠳᠦᠷᠢᠮ ᠲᠤᠭᠲᠠᠭᠠᠯ ᠪᠠ ᠠᠵᠢᠯ ᠤᠨ ᠪᠠᠶᠢᠷᠢ ᠶᠢᠨ ᠠᠵᠢᠯᠯᠠᠬᠤ ᠳᠦᠷᠢᠮ     3. ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠶᠤᠯ ᠦᠬᠡᠢ ᠦᠢᠯᠡᠳᠪᠤᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ ᠤᠨᠴᠠᠭᠠᠢ ᠠᠵᠢᠯ ᠲᠦᠷᠦᠯ ᠤᠨ ᠬᠦᠮᠦᠰ ᠤᠨ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ︵ᠬᠠᠭᠤᠯᠪᠤᠷᠢ︶ ᠪᠠ ᠪᠤᠰᠤᠳ ᠠᠵᠢᠯᠯᠠᠬᠤ ᠬᠦᠮᠤᠰ ᠤᠨ ᠪᠤᠯᠪᠠᠰᠤᠷᠠᠭᠤᠯᠤᠯ ᠳᠤ ᠬᠢᠷᠢ ᠲᠡᠩᠴᠡᠭᠰᠡᠨ ᠬᠡᠷᠡᠴᠢ ᠮᠠᠲ᠋ᠧᠷᠢᠶᠠᠯ     4. ᠡᠵᠡᠩᠨᠡᠯᠲᠡ ᠶᠢᠨ ᠲᠠᠯᠠᠪᠤᠷ ᠤᠨ ᠦᠮᠴᠢᠯᠡᠯ ᠤᠨ ᠡᠷᠭᠡ ᠶᠢᠨ ᠬᠡᠷᠡᠴᠢ ᠪᠢᠴᠢᠭ ᠮᠠᠲ᠋ᠧᠷᠢᠶᠠᠯ ᠪᠤᠶᠤ ᠲᠦᠷᠢᠶᠡᠰᠤᠯᠡᠯ ᠤᠨ ᠪᠢᠴᠢᠭ ᠮᠠᠲ᠋ᠧᠷᠢᠶᠠᠯ     5. ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠤᠯᠭᠤᠭᠰᠠᠨ ᠠᠵᠤ ᠠᠬᠤᠶᠢᠯᠠᠯ ᠤᠨ ᠰᠢᠨᠵᠢ ᠴᠢᠨᠠᠷᠲᠠᠢ ᠡᠵᠡᠩᠨᠡᠯᠲᠡ ᠶᠢᠨ ᠦᠨᠡᠮᠯᠡᠯ ᠪᠤᠶᠤ ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠬᠠᠷᠭᠤᠭᠤᠯᠤᠭᠰᠠᠨ ᠪᠢᠴᠢᠭ ᠮᠠᠲ᠋ᠧᠷᠶᠠᠯ ︵ᠬᠠᠭᠤᠯᠪᠤᠷᠢ︶     6. ᠠᠶᠤᠯᠲᠠᠢ ᠬᠢᠮᠢ ᠶᠢᠨ ᠪᠤᠳᠠᠰ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠦᠰᠦᠯ ᠢ ᠳᠠᠩᠰᠠᠯᠠᠨ ᠪᠦᠷᠢᠳᠭᠡᠬᠦ ᠬᠦᠰᠦᠨᠦᠭᠲᠦ ︵ᠬᠠᠭᠤᠯᠪᠤᠷᠢ︶     ᠬᠠᠳᠠᠭᠠᠯᠠᠬᠤ ᠪᠡᠯᠡᠳᠬᠡᠮᠵᠢ ᠲᠠᠢ ᠪᠦᠭᠡᠳ ᠠᠶᠤᠯᠲᠠᠢ ᠬᠢᠮᠢ ᠶᠢᠨ ᠪᠤᠳᠠᠰ ᠡᠵᠡᠩᠨᠡᠵᠦ ᠪᠠᠶᠢᠭ᠎ᠠ ᠪᠤᠯ ᠪᠠᠰᠠ ᠳᠤᠤᠷᠠᠬᠢ ᠮᠠᠲ᠋ᠧᠷᠢᠶᠠᠯ ᠢ ᠲᠤᠰᠢᠶᠠᠨ᠎ᠠ᠄     1. ᠬᠠᠳᠠᠭᠠᠯᠠᠬᠤ ᠪᠡᠯᠡᠳᠭᠡᠮᠵᠢ ᠶᠢᠨ ᠬᠠᠮᠢᠶ᠎ᠠ ᠪᠦᠬᠦᠢ ᠬᠡᠷᠡᠴᠢ ᠪᠢᠴᠢᠭ ᠮᠠᠲ᠋ᠧᠷᠢᠶᠠᠯ ︵ᠬᠠᠭᠤᠯᠪᠤᠷᠢ︶︔ ᠬᠠᠳᠠᠭᠠᠯᠠᠬᠤ ᠪᠡᠯᠡᠳᠭᠡᠮᠵᠢ ᠳᠦᠷᠢᠶᠡᠰᠦᠯᠡᠭᠰᠡᠨ ᠪᠤᠯ᠂ ᠳᠦᠷᠢᠶᠡᠰᠦᠯᠡᠭᠰᠡᠨ ᠬᠡᠷᠡᠴᠢ ᠪᠢᠴᠭ ᠮᠠᠲ᠋ᠧᠷᠢᠶᠠᠯ ︵ᠬᠠᠭᠤᠯᠪᠤᠷᠢ ︶᠎ ᠢ ᠲᠤᠰᠢᠶᠠᠨ᠎ᠠ︔ ᠬᠠᠳᠠᠭᠠᠯᠠᠬᠤ ᠪᠡᠯᠡᠳᠭᠡᠮᠵᠢ ᠶᠢ ᠰᠢᠨᠡᠴᠢᠯᠡᠨ ᠪᠠᠶᠢᠭᠤᠯᠤᠭᠰᠠᠨ᠂ ᠦᠬᠡᠷᠡᠴᠢᠯᠡᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠪᠤᠯ᠂ ᠪᠠᠷᠢᠯᠭ᠎ᠠ ᠳᠠᠭᠤᠰᠤᠭᠰᠠᠨ ᠠᠶᠤᠯᠲᠠᠢ ᠬᠢᠮᠢ ᠶᠢᠨ ᠪᠤᠳᠠᠰ ᠤᠨ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠠᠮᠤᠷ ᠲᠦᠪᠰᠢᠨ ᠤ ᠪᠡᠯᠡᠳᠭᠡᠮᠵᠢ ᠶᠢ ᠰᠢᠯᠭᠠᠨ ᠬᠤᠷᠢᠶᠠᠬᠤ ᠰᠠᠨᠠᠯ ︵ᠬᠠᠭᠤᠯᠪᠤᠷᠢ︶᠎ ᠢ ᠲᠤᠰᠢᠶᠠᠨ᠎ᠠ︔     2. ᠴᠢᠬᠤᠯᠠ ᠶᠡᠭᠡ ᠠᠶᠤᠯ ᠤᠨ ᠰᠤᠷᠪᠤᠯᠵᠢ ᠶᠢ ᠳᠠᠩᠰᠠᠯᠠᠭᠤᠯᠤᠭᠰᠠᠨ ᠬᠡᠷᠡᠴᠢ ᠮᠠᠲ᠋ᠧᠷᠢᠶᠠᠯ᠂ ᠠᠶᠤᠯ ᠦᠬᠡᠢ ᠦᠢᠯᠡᠳᠪᠤᠷᠢᠯᠡᠯ ᠤᠨ ᠲᠤᠰᠬᠠᠢ ᠲᠤᠰᠢᠶᠠᠯᠳᠤ ᠬᠠᠮᠢᠶᠠᠷᠤᠯᠲᠠ ᠶᠢᠨ ᠠᠵᠢᠯᠲᠠᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠮᠡᠷᠭᠡᠵᠢᠯ ᠤᠨ ᠴᠤᠯᠠ ᠶᠢᠨ ᠦᠨᠡᠮᠯᠡᠯ ᠪᠤᠶᠤ ᠠᠶᠤᠯᠲᠠᠢ ᠪᠤᠳᠠᠰ ᠤᠨ ᠠᠶᠤᠯ ᠦᠬᠡᠢ ᠲᠦᠷᠦᠯ ᠢ ᠳᠠᠩᠰᠠᠯᠠᠬᠤ ᠠᠶᠤᠯ ᠦᠬᠡᠢ ᠶᠢᠨ ᠠᠵᠢᠯ ᠤᠨ ᠢᠨᠵᠧᠨᠧᠷ ᠤᠨ ᠬᠢᠷᠢ ᠬᠡᠮ ᠤᠨ ᠦᠨᠡᠮᠯᠡᠯ ︵ᠬᠠᠭᠤᠯᠪᠤᠷᠢ︶︔      3᠂ ᠠᠶᠤᠯ ᠦᠬᠡᠢ ᠶᠢᠨ ᠦᠨᠡᠯᠡᠯᠳᠡ ᠶᠢᠨ ᠮᠡᠳᠡᠭᠦᠯᠦᠯᠳᠡ      ︵ᠬᠤᠶᠠᠷ︶ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠄      ᠭᠤᠶᠤᠴᠢᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠬᠦᠢᠴᠡᠳ᠂ ᠳᠦᠷᠢᠮᠵᠢᠭᠦᠨ᠂ ᠬᠦᠴᠦᠨ ᠲᠠᠢ ᠪᠠᠶᠢᠬᠤ᠃      ᠬᠤᠶᠠᠷ᠂ ᠬᠦᠢᠴᠡᠳᠭᠡᠭᠰᠡᠨ ᠦᠷ᠎ᠡ ᠳ᠋ᠦᠡᠭ      ᠦᠨᠡᠮᠯᠡᠯ ᠤᠯᠭᠤᠬᠤ ᠪᠠᠶᠢᠭᠤᠯᠭ᠎ᠠ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠤᠨ ᠭᠤᠶᠤᠴᠢᠯᠠᠯ ᠢ ᠬᠦᠯᠢᠶᠡᠨ ᠠᠪᠤᠭᠰᠠᠨ ᠤ ᠪᠠᠨ ᠳᠠᠷᠠᠭ᠎ᠠ᠂ ᠭᠤᠶᠤᠴᠢᠯᠠᠭᠴᠢ ᠶᠢᠨ ᠲᠤᠰᠢᠶᠠᠭᠰᠠᠨ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠵᠤᠬᠢᠶᠠᠨ ᠪᠠᠶᠢᠭᠤᠯᠤᠨ ᠬᠢᠨᠠᠨ ᠪᠠᠶᠢᠴᠠᠭᠠᠵᠦ᠂ ᠬᠤᠶᠠᠷ ᠠᠴᠠ ᠳᠡᠭᠡᠭᠰᠢ ᠠᠵᠢᠯᠳᠠᠨ ᠢ ᠲᠤᠮᠢᠯᠠᠨ ᠭᠤᠶᠤᠴᠢᠯᠠᠭᠴᠢ ᠶᠢᠨ ᠡᠵᠡᠩᠨᠡᠯᠳᠡ ᠶᠢᠨ ᠲᠠᠯᠠᠪᠤᠷ᠂ ᠬᠠᠳᠠᠭᠠᠯᠠᠬᠤ ᠪᠡᠯᠡᠳᠭᠡᠮᠵᠢ ᠶᠢᠨ ᠲᠤᠬᠠᠢ ᠭᠠᠵᠠᠷ ᠲᠤᠨᠢ ᠬᠢᠨᠠᠨ ᠪᠠᠶᠢᠴᠠᠯᠭᠠᠵᠦ᠂ ᠬᠦᠯᠢᠶᠡᠨ ᠠᠪᠤᠭᠰᠠᠨ ᠡᠳᠦᠷ ᠠᠴᠠ ᠪᠠᠨ ᠡᠬᠢᠯᠡᠨ 30 ᠠᠵᠢᠯᠯᠠᠬᠤ ᠡᠳᠦᠷ ᠤᠨ ᠳᠤᠲᠤᠷ᠎ᠠ ᠵᠦᠪᠰᠢᠶᠡᠷᠡᠬᠦ ᠡᠰᠡᠬᠦ ᠶᠢᠨ ᠲᠤᠭᠳᠠᠭᠠᠯ ᠭᠠᠷᠭᠠᠨ᠎ᠠ᠃      ᠦᠨᠡᠮᠯᠡᠯ ᠤᠯᠭᠤᠬᠤ ᠪᠠᠶᠢᠭᠤᠯᠭ᠎ᠠ ᠵᠦᠪᠰᠢᠶᠡᠷᠡᠬᠦ ᠲᠤᠭᠳᠠᠭᠠᠯ ᠭᠠᠷᠭᠠᠭᠰᠠᠨ ᠪᠤᠯ ᠲᠤᠭᠳᠠᠭᠠᠯ ᠭᠠᠷᠭᠠᠭᠰᠠᠨ ᠡᠳᠤᠷ ᠠᠴᠠ ᠪᠠᠨ ᠡᠬᠢᠯᠡᠨ 10 ᠠᠵᠢᠯᠯᠠᠬᠤ ᠡᠳᠤᠷ ᠤᠨ ᠳᠤᠳᠤᠷ᠎ᠠ ᠡᠵᠡᠩᠨᠡᠯᠳᠡ ᠶᠢᠨ ᠦᠨᠡᠮᠯᠡᠯ ᠤᠯᠭᠤᠨ᠎ᠠ︔ ᠦᠨᠡᠮᠯᠡᠯ ᠤᠯᠭᠤᠬᠤ ᠪᠠᠶᠢᠭᠤᠯᠭ᠎ᠠ ᠦᠯᠦ ᠵᠦᠪᠰᠢᠶᠡᠷᠡᠬᠦ ᠲᠤᠭᠳᠠᠭᠠᠯ ᠭᠠᠷᠭᠠᠭᠰᠠᠨ ᠪᠤᠯ᠂ 10 ᠠᠵᠢᠯᠯᠠᠬᠤ ᠡᠳᠦᠷ ᠤᠨ ᠳᠤᠲᠤᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠦᠯᠦ ᠵᠦᠪᠰᠢᠶᠡᠷᠡᠭᠰᠡᠨ ᠤᠴᠢᠷ ᠰᠢᠯᠲᠠᠭᠠᠨ ᠢ ᠲᠠᠶᠢᠯᠪᠤᠷᠢᠯᠠᠨ ᠦᠭᠬᠦᠨ᠎ᠡ᠃  ᠭᠤᠷᠪᠠ᠂ ᠠᠩᠬᠠᠷᠬᠤ ᠵᠦᠢᠯ      1. ᠪᠡᠶᠡᠯᠡᠬᠦᠯᠬᠦ ᠴᠠᠭ ᠤᠨ ᠬᠢᠵᠠᠭᠠᠷ᠄ 30 ᠠᠵᠢᠯᠯᠠᠬᠤ ᠡᠳᠦᠷ      2. ᠰᠦᠢᠳᠭᠡᠯ ᠬᠤᠷᠢᠶᠠᠬᠤ ᠪᠠᠷᠢᠮᠵᠢᠶ᠎ᠠ᠄ ᠰᠦᠢᠳᠭᠡᠯ ᠬᠤᠷᠢᠶᠠᠬᠤ ᠦᠭᠡᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1