ᠠᠶᠠᠨᠴᠢᠳ ᠤᠨ ᠰᠢᠤᠳᠠᠨ ᠢᠶᠠᠷ ᠢᠯᠡᠭᠡᠬᠦ ᠡᠳ᠋ ᠤᠨ ᠬᠢᠵᠢᠭ ᠪᠠᠶᠢᠴᠠᠭᠠᠬᠤ — ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠬᠦ
ᠨᠡᠶᠢᠲᠡᠯᠡᠭᠰᠡᠨ ᠴᠠᠭ᠄
2017/11/15
    1. ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠬᠤ ᠵᠡᠷᠭᠡ ᠤᠨᠴᠠᠭᠠᠢ ᠬᠡᠷᠡᠭᠴᠡᠭᠡ ᠠᠴᠠ ᠪᠤᠯᠵᠤ᠂ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠢᠯᠢ ᠪᠠᠷ ᠤᠷᠤᠭᠤᠯᠬᠤ ᠤᠷᠭᠤᠮᠠᠯ ᠤᠨ ᠬᠢᠵᠢᠭ ᠤᠨ ᠪᠠᠶᠢᠴᠠᠭᠠᠯᠲᠠ ᠳᠤ ᠬᠢᠯᠢ ᠪᠠᠷ ᠤᠷᠤᠭᠤᠯᠬᠤ ᠶᠢ ᠴᠠᠭᠠᠵᠠᠯᠠᠬᠰᠠᠨ ᠪᠤᠳᠠᠰ ᠤᠨ ᠨᠡᠷ᠎ᠡ ᠤᠨ ᠪᠦᠷᠢᠳᠭᠡᠯ︾ ᠪᠣᠯᠣᠨ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠢᠯᠢ ᠪᠠᠷ ᠠᠪᠴᠤ ᠶᠠᠪᠤᠬᠤ᠂ ᠰᠢᠤᠳᠠᠨ ᠢᠶᠠᠷ ᠢᠯᠡᠭᠡᠬᠦ ᠶᠢ ᠴᠠᠭᠠᠵᠠᠯᠠᠬᠰᠠᠨ ᠠᠮᠢᠲᠠᠨ᠂ ᠠᠮᠢᠲᠠᠨ ᠤ ᠪᠦᠲᠥᠭᠡᠭᠳᠡᠭᠦᠨ ᠪᠣᠯᠣᠨ ᠪᠤᠰᠤᠳ ᠬᠢᠵᠢᠭ ᠪᠠᠶᠢᠴᠠᠭᠠᠬᠤ ᠪᠤᠳᠠᠰ ᠤᠨ ᠨᠡᠷ᠎ᠡ ᠶᠢᠨ ᠪᠦᠷᠢᠳᠭᠡᠯ︾᠎ ᠳᠤ ᠵᠢᠭᠰᠠᠭᠠᠭᠰᠠᠨ ᠪᠤᠳᠠᠰ ᠢ ᠰᠢᠤᠳᠠᠨ ᠢᠶᠠᠷ ᠢᠯᠡᠭᠡᠨ ᠬᠢᠯᠢ ᠪᠠᠷ ᠣᠷᠣᠭᠤᠯᠬᠤ ᠳᠤ᠂ ᠤᠷᠢᠳᠠᠪᠡᠷ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠭᠡᠢ ᠲᠤᠪᠴᠢᠶ᠎ᠠ ᠳᠤ ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃     2. ᠬᠢᠯᠢ ᠪᠠᠷ ᠤᠷᠤᠭᠤᠯᠬᠤ ᠤᠷᠭᠤᠮᠠᠯ ᠤᠨ ᠦᠷ᠎ᠡ᠂ ᠨᠢᠯᠬ᠎ᠠ ᠮᠤᠳᠤ ᠬᠢᠭᠡᠳ ᠪᠤᠰᠤᠳ ᠦᠷᠡᠵᠢᠬᠦᠯᠬᠦ ᠮᠠᠲ᠋ᠧᠷᠢᠶᠠᠯ ᠢ ᠰᠢᠤᠳᠠᠨ ᠢᠶᠠᠷ ᠢᠯᠡᠭᠡᠨ ᠬᠢᠯᠢ ᠪᠠᠷ ᠣᠷᠣᠭᠤᠯᠬᠤ ᠳᠤ᠂ ᠬᠤᠷᠢᠶᠠᠭᠴᠢ ᠤᠷᠢᠳᠠᠪᠡᠷ ᠤᠯᠤᠰ ᠤᠨ ᠲᠠᠷᠢᠶᠠᠯᠠᠩ ︵ᠤᠢ ᠰᠢᠭᠤᠢ︶᠎ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃     3. ᠰᠢᠤᠳᠠᠨ ᠢᠶᠠᠷ ᠢᠯᠡᠭᠡᠨ ᠬᠢᠯᠢ ᠪᠠᠷ ᠤᠷᠤᠭᠤᠯᠬᠤ ᠤᠷᠭᠤᠮᠠᠯ ᠤᠨ ᠪᠦᠲᠦᠭᠡᠭᠳᠡᠬᠦᠨ ᠤ ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠴᠢᠬᠤᠯᠠᠲᠠᠢ ᠪᠣᠯ᠂ ᠬᠤᠷᠢᠶᠠᠭᠴᠢ ᠤᠷᠢᠳᠠᠪᠡᠷ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠭᠡᠢ ᠲᠤᠪᠴᠢᠶ᠎ᠠ ᠪᠤᠶᠤ ᠡᠷᠭᠡ ᠤᠯᠭᠤᠭᠰᠠᠨ ᠬᠢᠯᠢ ᠪᠠᠷ ᠤᠷᠤᠭᠤᠯᠬᠤ ᠪᠤᠭᠤᠮᠲᠠ ᠶᠢᠨ ᠪᠠᠶᠢᠭ᠎ᠠ ᠭᠠᠵᠠᠷ ᠤᠨ ᠰᠢᠭᠤᠳ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠳᠤ ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃     4. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠪᠴᠤ ᠶᠠᠪᠤᠬᠤ᠂ ᠰᠢᠤᠳᠠᠨ ᠢᠶᠠᠷ ᠢᠯᠡᠭᠡᠬᠦ ᠶᠢ ᠴᠠᠭᠠᠵᠠᠯᠠᠬᠰᠠᠨ ᠠᠮᠢᠲᠠᠨ᠂ ᠠᠮᠢᠲᠠᠨ ᠤ ᠪᠦᠲᠦᠭᠡᠭᠳᠡᠬᠦᠨ ᠪᠣᠯᠣᠨ ᠪᠤᠰᠤᠳ ᠬᠢᠵᠢᠭ ᠪᠠᠶᠢᠴᠠᠭᠠᠬᠤ ᠪᠤᠳᠠᠰ ᠤᠨ ᠨᠡᠷ᠎ᠡ ᠶᠢᠨ ᠪᠦᠷᠢᠳᠭᠡᠯ︾᠎ ᠠᠴᠠ ᠭᠠᠳᠠᠨᠠᠬᠢ ᠠᠮᠢᠲᠠᠨ ᠤ ᠪᠦᠲᠦᠭᠡᠭᠳᠡᠭᠦᠨ ᠢ ᠰᠢᠤᠳᠠᠨ ᠢᠶᠠᠷ ᠢᠯᠡᠭᠡᠨ ᠬᠢᠯᠢ ᠎ ᠪᠠᠷ ᠤᠷᠤᠭᠤᠯᠬᠤ ᠳᠤ᠂ ᠡᠷᠬᠡᠪᠰᠢ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠭᠡᠢ ᠲᠤᠪᠴᠢᠶ᠎ᠠ ᠪᠤᠶᠤ ᠲᠡᠭᠦᠨ ᠤ ᠡᠷᠭᠡ ᠤᠯᠭᠤᠭᠰᠠᠨ ᠬᠢᠯᠢ ᠪᠠᠷ ᠤᠷᠤᠭᠤᠯᠬᠤ ᠪᠤᠭᠤᠮᠲᠠ ᠶᠢᠨ ᠪᠠᠶᠢᠭ᠎ᠠ ᠭᠠᠵᠠᠷ ᠤᠨ ᠰᠢᠭᠤᠳ ᠬᠠᠷᠢᠶ᠎ᠠ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠢᠭᠤᠯᠤᠮᠵᠢ ᠳᠤ ᠬᠦᠷᠴᠦ ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1