ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ ᠬᠢᠷᠢ ᠬᠡᠮ ᠤᠨ ᠵᠦᠪᠰᠢᠶᠡᠷᠡᠯ ᠤᠨ ᠦᠨᠡᠮᠯᠡᠯ ᠬᠦᠢᠴᠡᠳᠭᠡᠬᠦ ᠦᠢᠯᠡᠴᠢᠯᠡᠭᠡᠨ ᠤ ᠵᠦᠭᠯᠡᠭᠦᠷ ᠬᠢᠭᠡᠳ ᠴᠤᠪᠤᠷᠠᠯ
ᠨᠡᠶᠢᠲᠡᠯᠡᠭᠰᠡᠨ ᠴᠠᠭ᠄
2017/11/15
      ᠭᠤᠤᠯᠯᠠᠨ ᠬᠦᠢᠴᠡᠳᠭᠡᠬᠦ ᠪᠠᠶᠢᠭᠤᠯᠤᠮᠵᠢ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠡᠮᠵᠢᠯᠲᠡ ᠶᠢᠨ ᠭᠠᠵᠠᠷ     ᠬᠢᠨᠠᠨ ᠵᠦᠪᠰᠢᠶᠡᠷᠡᠬᠦ ᠵᠦᠢᠯᠡᠰ ᠤᠨ ᠨᠡᠷᠡᠶᠢᠳᠦᠯ᠄ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ ᠬᠢᠷᠢ ᠬᠡᠮ ᠢ ᠬᠢᠨᠠᠨ ᠵᠦᠪᠰᠢᠶᠡᠷᠡᠬᠦ     ᠬᠠᠤᠯᠢ ᠴᠠᠭᠠᠵᠠ ᠬᠠᠤᠯᠢ ᠲᠤᠭᠲᠠᠭᠠᠯ ᠤᠨ ᠦᠨᠳᠦᠰᠦᠯᠡᠯ᠄ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠡᠮᠵᠢᠯᠲᠡ ᠶᠢᠨ ᠬᠠᠤᠯᠢ ᠶᠢ ᠬᠡᠷᠡᠭᠵᠢᠬᠦᠯᠬᠦ ᠨᠠᠷᠢᠨ ᠳᠦᠷᠢᠮ︾ ︵1987 ᠤᠨ ᠤ 1 ᠳ᠋ᠤᠭᠡᠷ ᠰᠠᠷ᠎ᠠ ᠶᠢᠨ 19᠎ ᠤ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠵᠦᠪᠰᠢᠶᠡᠷᠡᠵᠤ᠂ 1987 ᠤᠨ ᠤ 2 ᠳ᠋ᠤᠭᠠᠷ ᠰᠠᠷ᠎ᠠ ᠶᠢᠨ 1᠎ ᠤ ᠡᠳᠦᠷ ᠤᠯᠤᠰ ᠤᠨ ᠬᠡᠮᠵᠢᠯᠲᠡ ᠶᠢᠨ ᠲᠤᠪᠴᠢᠶ᠎ᠠ ᠨᠡᠶᠢᠲᠡᠯᠡᠪᠡ︶᠎ ᠤᠨ ᠬᠤᠷᠢ ᠶᠢᠰᠦᠳᠦᠭᠡᠷ ᠵᠦᠢᠯ     ᠬᠢᠨᠠᠨ ᠵᠦᠪᠰᠢᠶᠡᠷᠡᠬᠦ ᠬᠡᠪᠴᠢᠶ᠎ᠡ᠄ ᠦᠪᠡᠷᠲᠡᠭᠡᠨ ᠵᠠᠰᠠᠬᠤ ᠤᠷᠤᠨ ᠤ ᠱᠠᠲᠤᠨ ᠤ ᠠᠵᠢᠯ ᠦᠢᠯᠡᠰ ᠤᠨ ᠨᠢᠭᠡᠴᠡ᠂ ᠪᠤᠰᠤᠳ ᠬᠠᠮᠢᠶ᠎ᠠ ᠪᠦᠬᠦᠢ ᠨᠠᠶᠢᠳᠠᠭᠰᠠᠨ ᠨᠢᠭᠡᠴᠡ ᠳᠤ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ ᠬᠢᠷᠢ ᠬᠡᠮ ᠢ ᠬᠢᠨᠠᠨ ᠵᠦᠪᠰᠢᠶᠡᠷᠡᠬᠦ ᠶᠢ ᠬᠦᠯᠢᠶᠡᠨ ᠠᠪᠴᠤ ᠬᠦᠢᠴᠡᠳᠭᠡᠨ᠎ᠡ᠃     ᠬᠢᠨᠠᠨ ᠵᠦᠪᠰᠢᠶᠡᠷᠡᠬᠦ ᠨᠦᠬᠦᠴᠡᠯ᠄     1. ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ︵ᠦᠨᠳᠥᠷ ᠵᠡᠷᠭᠡ ᠶᠢᠨ ᠳᠤᠮᠳᠠᠲᠤ ᠰᠤᠷᠭᠠᠭᠤᠯᠢ ᠪᠠᠭᠲᠠᠨ᠎ᠠ︶ ᠪᠤᠶᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ︵ᠦᠨᠳᠥᠷ ᠵᠡᠷᠭᠡ ᠶᠢᠨ ᠳᠤᠮᠳᠠᠲᠤ ᠰᠤᠷᠭᠠᠭᠤᠯᠢ ᠪᠠᠭᠲᠠᠨ᠎ᠠ︶᠎ ᠠᠴᠠ ᠳᠡᠭᠡᠭᠰᠢ ᠰᠤᠶᠤᠯ ᠤᠨ ᠬᠡᠮᠵᠢᠶ᠎ᠡ ᠲᠠᠢ ᠪᠠᠶᠢᠬᠤ︔     2. ᠬᠡᠮᠵᠢᠯᠲᠡ ᠶᠢᠨ ᠲᠤᠰᠬᠠᠢ ᠮᠡᠷᠭᠡᠵᠢᠯ ᠤᠨ ᠠᠵᠢᠯ ᠢ ᠪᠦᠬᠦᠯᠢ 1 ᠵᠢᠯ ᠬᠢᠭᠰᠡᠨ ᠪᠦᠭᠡᠳ 6 ᠰᠠᠷ᠎ᠠ ᠠᠴᠠ ᠳᠡᠭᠡᠭᠰᠢᠬᠢ ᠲᠤᠰ ᠲᠦᠷᠦᠯ ᠵᠦᠢᠯ ᠤᠨ ᠠᠵᠢᠯ ᠤᠨ ᠲᠤᠷᠰᠢᠯᠠᠭ᠎ᠠ ᠲᠠᠢ ᠪᠠᠶᠢᠬᠤ︔     3. ᠬᠡᠮᠵᠢᠯᠲᠡ ᠶᠢᠨ ᠵᠣᠬᠢᠴᠠᠩᠭᠤᠢ ᠬᠠᠤᠯᠢ ᠴᠠᠭᠠᠵᠠ ᠬᠠᠤᠯᠢ ᠲᠤᠭᠲᠠᠭᠠᠯ ᠬᠢᠭᠡᠳ ᠬᠡᠮᠵᠢᠯᠲᠡ ᠶᠢᠨ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ︔     4. ᠬᠢᠵᠤ ᠪᠦᠬᠦᠢ ᠲᠦᠷᠦᠯ ᠵᠦᠢᠯ ᠤᠨ ᠬᠡᠮᠵᠢᠯᠲᠡ ᠰᠢᠯᠭᠠᠨ ᠲᠤᠭᠲᠠᠭᠠᠬᠤ ᠳᠦᠷᠢᠮ ᠵᠡᠷᠭᠡ ᠬᠤᠯᠪᠤᠭᠳᠠᠯ ᠪᠦᠬᠦᠢ ᠮᠡᠳᠡᠯᠭᠡ ᠪᠣᠯᠣᠨ ᠠᠵᠢᠯᠯᠠᠭᠤᠯᠬᠤ ᠮᠡᠷᠭᠡᠵᠢᠯ ᠢ ᠪᠤᠯᠪᠠᠰᠤᠷᠠᠩᠭᠤᠢ ᠡᠵᠡᠮᠰᠢᠭᠰᠡᠨ ᠪᠠᠶᠢᠬᠤ︔     5. ᠬᠤᠯᠪᠤᠭᠳᠠᠯ ᠪᠦᠬᠦᠢ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠷ ᠬᠡᠮᠵᠢᠯᠲᠡ ᠰᠢᠯᠭᠠᠨ ᠲᠤᠭᠲᠠᠭᠠᠬᠴᠢ ᠶᠢ ᠬᠢᠨᠠᠨ ᠰᠢᠯᠭᠠᠬᠤ ᠳᠦᠷᠢᠮ ᠵᠡᠷᠭᠡ ᠱᠠᠭᠠᠷᠳᠠᠯᠭ᠎ᠠ ᠶᠣᠰᠤᠭᠠᠷ ᠬᠢᠨᠠᠨ ᠰᠢᠯᠭᠠᠭᠤᠯᠤᠭᠠᠳ ᠬᠢᠷᠢ ᠲᠡᠩᠴᠡᠭᠰᠡᠨ ᠪᠠᠶᠢᠬᠤ᠃     ᠮᠡᠳᠡᠭᠦᠯᠬᠦ ᠮᠠᠲ᠋ᠧᠷᠢᠶᠠᠯ᠄     1. ᠡᠯᠧᠺᠳ᠋ᠷᠤᠨ ᠪᠠᠷ ᠤᠨ ᠪᠠ ᠴᠠᠭᠠᠰᠤᠨ ︽ᠰᠢᠯᠭᠠᠨ ᠲᠤᠭᠲᠠᠭᠠᠬᠴᠢ ᠶᠢᠨ ᠬᠢᠷᠢ ᠬᠡᠮ ᠤᠨ ᠭᠤᠶᠤᠴᠢᠯᠠᠯ ᠤᠨ ᠬᠦᠰᠦᠨᠦᠭᠲᠦ︾ ᠲᠤᠰ ᠪᠦᠷᠢ ᠨᠢᠭᠡ ᠬᠤᠪᠢ᠂ ᠮᠠᠯᠠᠭᠠᠢ ᠦᠭᠡᠢ 1 ᠢᠮᠠᠬᠤ ᠶᠢᠨ ᠬᠡᠷᠡᠯ ᠵᠢᠷᠤᠭ ᠬᠤᠶᠠᠷ ᠬᠤᠪᠢ    2. ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠬᠡᠷᠡᠴᠢ ᠶᠢᠨ ᠬᠠᠭᠤᠯᠪᠤᠷᠢ ᠲᠤᠰ ᠪᠦᠷᠢ ᠨᠢᠬᠡ ᠬᠤᠪᠢ    ᠭᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠭᠤᠶᠤᠴᠢᠯᠠᠯ ᠢ ᠤᠯᠤᠭᠰᠠᠨ ᠡᠳᠥᠷ ᠠᠴᠠ ᠡᠬᠢᠯᠡᠨ 5 ᠠᠵᠢᠯᠯᠠᠬᠤ ᠡᠳᠦᠷ ᠤᠨ ᠳᠤᠲᠤᠷ᠎ᠠ ᠬᠦᠯᠢᠶᠡᠨ ᠠᠪᠴᠤ ᠬᠦᠢᠴᠡᠳᠭᠡᠨ ᠰᠢᠢᠳᠪᠦᠷᠢ ᠭᠠᠷᠭᠠᠨ᠎ᠠ᠃ 5 ᠠᠵᠢᠯᠯᠠᠬᠤ ᠡᠳᠦᠷ ᠤᠨ ᠳᠤᠲᠤᠷ᠎ᠠ ᠰᠢᠢᠳᠪᠦᠷᠢ ᠭᠠᠷᠭᠠᠵᠤ ᠳᠡᠶᠢᠯᠬᠦ ᠦᠭᠡᠢ ᠪᠣᠯ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠢᠶᠠᠨ ᠵᠦᠪᠰᠢᠶᠡᠷᠡᠭᠦᠯᠦᠭᠡᠳ᠂ 5 ᠠᠵᠢᠯᠯᠠᠬᠤ ᠡᠳᠦᠷ ᠤᠷᠲᠤᠳᠬᠠᠵᠤ ᠪᠤᠯᠤᠨ᠎ᠠ᠃     ᠰᠦᠢᠳᠭᠡᠯ ᠬᠤᠷᠢᠶᠠᠬᠤ ᠲᠦᠷᠦᠯ ᠵᠦᠢᠯ ᠤᠨ ᠰᠦᠢᠳᠭᠡᠯ ᠬᠤᠷᠢᠶᠠᠬᠤ ᠪᠠᠷᠢᠮᠵᠢᠶ᠎ᠠ᠄
     ︵ᠲᠤᠲᠤᠷᠬᠠᠶᠢᠯᠠᠬᠤ ᠨᠢ᠄ ᠬᠡᠮᠵᠢᠯᠲᠡ ᠬᠢᠨᠠᠨ ᠲᠣᠭᠲᠠᠭᠠᠭᠴᠢ ᠳᠤ ᠬᠡᠮᠵᠢᠯᠲᠡ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠴᠢ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠵᠦᠪᠰᠢᠶᠡᠷᠡᠯ ᠤᠨ ᠦᠨᠡᠮᠯᠡᠯ ᠢ ᠬᠢᠨᠠᠨ ᠲᠣᠭᠲᠠᠭᠠᠭᠴᠢ᠂ ᠬᠠᠤᠯᠢ ᠪᠠᠷ ᠲᠤᠭᠲᠠᠭᠠᠭᠰᠠᠨ ᠬᠡᠮᠵᠢᠯᠲᠡ ᠰᠢᠯᠭᠠᠨ ᠲᠤᠭᠲᠠᠭᠠᠬᠤ ᠪᠠᠶᠢᠭᠤᠯᠤᠮᠵᠢ ᠶᠢᠨ ᠬᠢᠨᠠᠨ ᠲᠣᠭᠲᠠᠭᠠᠭᠴᠢ ᠬᠢᠭᠡᠳ ᠨᠡᠶᠢᠭᠡᠮ ᠤᠨ ᠲᠦᠪ ᠭᠤᠤᠯᠴᠢ ᠬᠡᠮᠵᠢᠯᠲᠡ ᠶᠢᠨ ᠬᠤᠳᠠᠯᠳᠤᠭ᠎ᠠ ︵ᠦᠷᠲᠡᠭᠡ︶᠎ ᠶᠢᠨ ᠬᠢᠨᠠᠨ ᠲᠣᠭᠲᠠᠭᠠᠭᠴᠢ ᠪᠠᠭᠲᠠᠨ᠎ᠠ ᠃ ᠭᠤᠶᠤᠴᠢᠯᠠᠯ ᠤᠨ ᠬᠦᠰᠦᠨᠦᠭᠲᠦ ᠤᠨ ᠨᠡᠷᠡᠶᠢᠳᠦᠯ ᠬᠢᠭᠡᠳ ᠤᠯᠬᠤ ᠠᠷᠭ᠎ᠠ ᠮᠠᠶ᠋ᠢᠭ᠄ ︽ᠬᠡᠮᠵᠢᠯᠲᠡ‌‍ᠰᠢᠯᠭᠠᠨ ᠲᠤᠭᠲᠠᠭᠠᠬᠴᠢ ᠶᠢᠨ ᠬᠢᠨᠠᠨ ᠰᠢᠯᠭᠠᠯᠲᠠ ᠶᠢᠨ ᠭᠤᠶᠤᠴᠢᠯᠠᠯ ᠤᠨ ᠬᠦᠰᠦᠨᠦᠭᠲᠦ︾᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠶᠢᠨ ᠠᠯᠪᠠᠨ ‍ᠤ‌‍ᠰᠦ᠋ᠯᠵᠢᠶᠡᠨ ᠦᠷᠲᠡᠭᠡ ᠶᠢᠨ ︽ᠰᠦᠯᠵᠢᠶᠡᠨ ᠳᠡᠭᠡᠷᠡᠬᠢ ᠦᠢᠯᠡᠴᠢᠯᠡᠭᠡ︾ ᠲᠤᠰᠬᠠᠢ ᠪᠤᠯᠤᠩ ᠠᠴᠠ ᠲᠠᠲᠠᠨ᠎ᠠ     ᠤᠨᠴᠠᠭᠠᠶᠢᠯᠠᠨ ᠲᠤᠲᠤᠷᠬᠠᠶᠢᠯᠠᠬᠤ ᠨᠢ᠄ ᠬᠡᠷᠡᠭᠵᠢᠬᠦᠯᠬᠦ ᠶᠠᠪᠴᠠ ᠳᠤ ᠬᠠᠤᠯᠢ ᠴᠠᠭᠠᠵᠠ᠂ ᠬᠠᠤᠯᠢ ᠲᠤᠭᠲᠠᠭᠠᠯ ᠪᠣᠯᠣᠨ ᠳᠦᠷᠢᠮ ᠲᠤᠭᠲᠠᠭᠠᠯ ᠳᠤ ᠨᠡᠶᠢᠴᠡᠬᠦ ᠦᠭᠡᠢ ᠪᠠᠶᠢᠳᠠᠯ ᠲᠤᠬᠢᠶᠠᠯᠳᠤᠪᠠᠯ᠂ ᠤᠳᠤ ᠶᠢᠨ ᠬᠡᠷᠡᠭᠵᠢᠬᠦᠯᠵᠤ ᠪᠠᠶᠢᠭ᠎ᠠ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠪᠠᠷᠢᠮᠵᠢᠶ᠎ᠠ ᠪᠤᠯᠭᠠᠨ᠎ᠠ᠃     ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠢ ᠬᠢᠨᠠᠨ ᠰᠢᠯᠭᠠᠵᠦ ᠦᠨᠡᠮᠯᠡᠯ ᠣᠯᠭᠤᠬᠤ ᠡᠵᠡᠮᠳᠡᠯᠲᠦ ᠴᠤᠪᠤᠷᠠᠯ ᠤᠨ ᠵᠢᠷᠤᠭ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1