ᠲᠧᠯᠸᠢᠰ ᠵᠦᠴᠦᠭᠡ ᠦᠢᠯᠡᠳᠬᠦ ᠬᠢᠷᠢ ᠴᠢᠳᠠᠮᠵᠢ ᠢ ᠭᠡᠷᠬᠢᠨ ᠣᠯᠬᠤ ᠪᠣᠢ︖
ᠨᠡᠶᠢᠲᠡᠯᠡᠭᠰᠡᠨ ᠴᠠᠭ᠄
2017/11/15
    ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠪᠠᠶᠢᠭᠤᠯᠤᠮᠵᠢ ᠤᠷᠢᠳᠠᠪᠡᠷ ᠲᠧᠯᠸᠢᠰ ᠵᠦᠴᠦᠭᠡ ᠦᠢᠯᠡᠳᠬᠦ ᠬᠢᠷᠢ ᠴᠢᠳᠠᠮᠵᠢ ᠣᠯᠬᠤ ᠬᠡᠷᠡᠭᠲᠡᠢ᠂ ᠲᠤᠬᠠᠶᠢᠯᠠᠪᠠᠯ ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤᠨᠢ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ︽ᠲᠧᠯᠸᠢᠰ ᠵᠦᠴᠦᠭᠡ ᠦᠢᠯᠡᠳᠬᠦ ᠵᠥᠪᠰᠢᠶᠡᠷᠡᠯ ᠤᠨ ᠦᠨᠡᠮᠯᠡᠯ ︵ᠨᠢᠭᠡᠳᠦᠭᠡᠷ ᠲᠦᠷᠦᠯ︶︾᠎ ᠲᠠᠢ ᠪᠠᠶᠢᠬᠤ︔    ︵ᠬᠤᠶᠠᠷ︶ ︽ᠷᠠᠳᠢᠣ᠋ ᠺᠢᠨᠣ᠋ ᠲᠧᠯᠸᠢᠰ ᠤᠨ ᠫᠷᠦᠭᠷᠡᠮ ᠦᠢᠯᠡᠳᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︾᠎ ᠲᠠᠢ ᠪᠠᠶᠢᠬᠤ︔     ︵ᠭᠤᠷᠪᠠ︶ ᠲᠣᠭᠤᠷᠢᠭ ᠲᠠᠢ ᠬᠤᠲᠠ ᠶᠢᠨ ᠱᠠᠲᠤᠨ ᠠᠴᠠ ᠳᠡᠭᠡᠭᠰᠢᠬᠢ ᠲᠧᠯᠸᠢᠰ ᠬᠤᠷᠢᠶ᠎ᠠ ︵ᠷᠠᠳᠢᠣ᠋ ᠺᠢᠨᠣ᠋ ᠲᠧᠯᠸᠢᠰ ᠤᠨ ᠬᠤᠷᠢᠶ᠎ᠠ᠂ ᠷᠠᠳᠢᠣ᠋ ᠺᠢᠨᠣ᠋ ᠲᠧᠯᠸᠢᠰ ᠤᠨ ᠪᠦᠯᠦᠭᠯᠡᠯ ᠪᠠᠭᠲᠠᠨ᠎ᠠ︶︔     ︵ᠳᠥᠷᠪᠡ︶ ︽ᠺᠢᠨᠣ᠋ ᠦᠢᠯᠡᠳᠬᠦ ᠵᠥᠪᠰᠢᠶᠡᠷᠡᠯ ᠤᠨ ᠦᠨᠡᠮᠯᠡᠯ︾᠎ ᠲᠠᠢ ᠪᠠᠶᠢᠬᠤ︔     ︵ᠲᠠᠪᠤ︶ ︽ᠲᠧᠯᠸᠢᠰ ᠵᠦᠴᠦᠭᠡ ᠦᠢᠯᠡᠳᠬᠦ ᠵᠥᠪᠰᠢᠶᠡᠷᠡᠯ ᠤᠨ ᠦᠨᠡᠮᠯᠡᠯ ︵ᠳᠡᠳ᠋ ᠲᠦᠷᠦᠯ︶︾ ᠭᠤᠶᠤᠴᠢᠯᠠᠨ ᠠᠪᠬᠤ ᠬᠢᠷᠢ ᠴᠢᠳᠠᠮᠵᠢ ᠶᠢ ᠪᠦᠷᠢᠳᠥᠭᠦᠯᠥᠭᠰᠡᠨ ᠪᠤᠰᠤᠳ ᠦᠢᠯᠡᠳᠬᠦ ᠪᠠᠶᠢᠭᠤᠯᠤᠮᠵᠢ᠃      ᠲᠥᠪ ᠤᠨ ᠰᠢᠭᠤᠳ ᠬᠠᠷᠢᠶ᠎ᠠ ᠪᠠᠶᠢᠭᠤᠯᠤᠮᠵᠢ ᠳᠡᠭᠡᠷᠡᠬᠢ ᠬᠢᠷᠢ ᠴᠢᠳᠠᠮᠵᠢ ᠶᠢ ᠭᠤᠶᠤᠴᠢᠯᠠᠬᠤ ᠪᠠᠷ ᠪᠠᠶᠢᠭ᠎ᠠ ᠪᠣᠯ ᠤᠯᠠᠮᠵᠢᠯᠠᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠣᠷᠭᠠᠨ ︵ᠭᠤᠣᠯ ᠮᠠᠰᠢᠨ 86093114᠎ ᠠᠴᠠ ᠤᠯᠠᠮᠵᠢᠯᠠᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠣᠷᠭᠠᠨ ᠤᠷᠤᠭᠤ ᠵᠠᠯᠭᠠᠭᠤᠯᠤᠨ᠎ᠠ︶᠎ ᠠᠴᠠ ᠯᠠᠪᠯᠠᠵᠤ ᠪᠣᠯᠣᠨ᠎ᠠ᠃ ᠡᠯ᠎ᠡ ᠠᠶᠢᠮᠠᠭ ᠬᠤᠲᠠ ᠥᠪᠡᠷᠲᠡᠭᠡᠨ ᠵᠠᠰᠠᠬᠤ ᠣᠷᠣᠨ ᠤ ᠦᠢᠯᠡᠳᠬᠦ ᠪᠠᠶᠢᠭᠤᠯᠤᠮᠵᠢ ᠪᠣᠯ ᠲᠣᠬᠠᠢ ᠶᠢᠨ ᠭᠠᠵᠠᠷ ᠤᠨ ᠮᠤᠵᠢ ᠶᠢᠨ ᠱᠠᠲᠤᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ︵ᠪᠤᠳᠠᠳᠠᠢ ᠳ᠋ᠢᠶᠠᠩᠬᠤᠸᠠ ᠶᠢ ᠲᠣᠬᠠᠢ ᠶᠢᠨ ᠭᠠᠵᠠᠷ ᠤᠨ 114᠎ ᠶᠢ ᠤᠲᠠᠰᠤᠳᠠᠭᠠᠳ ᠪᠠᠶᠢᠴᠠᠭᠠᠨ ᠠᠰᠠᠭᠤᠵᠦ ᠪᠣᠯᠣᠨ᠎ᠠ︶᠎ ᠠᠴᠠ ᠯᠠᠪᠯᠠᠵᠤ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1