ᠡᠷᠬᠦᠨ ᠲᠡᠵᠢᠭᠡᠭᠰᠡᠨ ᠦᠷ᠎ᠡ ᠬᠡᠦᠭᠡᠳ ᠤᠨ ᠡᠷᠦᠭᠡ ᠠᠮᠠ ᠣᠷᠣᠭᠤᠯᠬᠤ
ᠨᠡᠶᠢᠲᠡᠯᠡᠭᠰᠡᠨ ᠴᠠᠭ᠄
2017/11/15
     ᠡᠷᠬᠦᠨ ᠲᠡᠵᠢᠭᠡᠭᠰᠡᠨ ᠦᠷ᠎ᠡ ᠬᠡᠦᠭᠡᠳ ᠤᠨ ᠡᠷᠦᠭᠡ ᠠᠮᠠ ᠣᠷᠣᠭᠤᠯᠬᠤ     ᠬᠡᠷᠬᠢᠨ ᠭᠤᠶᠤᠴᠢᠯᠠᠬᠤ᠄     ᠨᠡᠬᠦᠵᠤ ᠤᠴᠢᠬᠤ ᠭᠠᠵᠠᠷ ᠤᠨ ᠢᠶᠠᠨ ᠲᠤᠮᠢᠯᠠᠭᠰᠠᠨ ᠰᠠᠯᠪᠤᠷᠢ ᠳᠤ ᠭᠤᠶᠤᠴᠢᠯᠡᠯ ᠲᠡᠪᠰᠢᠬᠦᠯᠦᠨ᠂ ᠤᠷᠤᠨ᠂ ᠬᠤᠳᠠ᠂ ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠪᠤᠶᠤ ᠡᠷᠦᠭᠡ ᠠᠮᠠ ᠶᠢᠨ ᠶᠠᠪᠤᠳᠠᠯ ᠤᠨ ᠰᠠᠯᠠᠭ᠎ᠠ ᠪᠠᠷ ᠬᠢᠨᠠᠨ ᠵᠦᠪᠰᠢᠶᠡᠷᠡᠬᠦᠯᠵᠤ᠂ ︽ᠨᠡᠬᠦᠨ ᠤᠷᠤᠬᠤ ᠶᠢ ᠵᠦᠪᠰᠢᠶᠡᠷᠡᠬᠦ ᠬᠡᠷᠡᠴᠢ︾ ᠰᠢᠯᠭᠠᠨ ᠤᠯᠭᠤᠪᠠᠯ ᠡᠷᠦᠭᠡ ᠠᠮᠠ ᠭᠠᠷᠳᠠᠮ ᠢ ᠭᠦᠢᠴᠡᠳᠭᠡᠨ᠎ᠡ᠃ᠬᠡᠷᠡᠭᠰᠡᠬᠦ ᠪᠢᠴᠢᠭ ᠮᠠᠲ᠋ᠧᠷᠢᠶᠠᠯ᠄      ︵1︶ ︽ᠡᠷᠬᠦᠨ ᠲᠡᠵᠢᠭᠡᠬᠦ ᠬᠠᠤᠯᠢ︾᠎ ᠶᠢᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠬᠠᠶᠠᠭᠳᠠᠮᠠᠯ ᠨᠢᠯᠬ᠎ᠠ᠂ ᠦᠨᠦᠴᠢᠨ ᠬᠡᠦᠭᠡᠳ ᠢ ᠪᠤᠯ᠂ ᠡᠷᠬᠦᠨ ᠲᠡᠵᠢᠭᠡᠭᠴᠢ ᠨᠢ ᠰᠢᠶᠠᠨ ᠤ ᠱᠠᠳᠤᠨ ᠠᠴᠠ ᠲᠡᠭᠡᠭᠰᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠤᠯᠭᠤᠭᠰᠠᠨ ︽ᠡᠷᠬᠦᠨ ᠲᠡᠵᠢᠭᠡᠬᠦ ᠦᠨᠡᠮᠯᠡᠯ︾ ᠵᠢᠴᠢ ᠬᠤᠯᠪᠤᠭᠳᠠᠯ ᠪᠦᠬᠦᠢ ᠬᠡᠷᠡᠴᠢ ᠪᠢᠴᠢᠭ ᠮᠠᠲ᠋ᠧᠷᠢᠶᠠᠯ ᠢᠶᠠᠨ ᠠᠪᠤᠨ ᠲᠤᠮᠢᠯᠠᠭᠰᠠᠨ ᠰᠠᠯᠪᠤᠷᠢ ᠳᠤ ᠤᠴᠢᠵᠤ ᠭᠤᠶᠤᠴᠢᠯᠠᠨ᠎ᠠ᠃      ︵2︶ ᠡᠷᠬᠦᠨ ᠲᠡᠵᠢᠭᠡᠭᠴᠢ ᠨᠢ ︽ᠡᠷᠬᠦᠨ ᠲᠡᠵᠢᠬᠡᠬᠦ ᠦᠨᠡᠮᠯᠡᠯ︾᠂ ︽ᠨᠡᠭᠦᠯᠭᠡᠨ ᠤᠷᠤᠭᠤᠯᠬᠤ ᠶᠢ ᠵᠦᠪᠰᠢᠶᠡᠷᠡᠭᠰᠡᠨ ᠬᠡᠷᠡᠴᠢ︾᠎ ᠪᠠᠨ ᠠᠪᠤᠨ ᠲᠡᠵᠢᠭᠡᠭᠰᠡᠨ ᠡᠴᠢᠭᠡ ᠡᠭᠡ ᠶᠢᠨ ᠡᠷᠦᠭᠡ ᠠᠮᠠ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠤᠷᠢ ᠳᠤ ᠤᠴᠢᠵᠤ ᠲᠦᠷᠦᠯᠳᠡ ᠶᠢᠨ ᠲᠠᠩᠰᠠᠯᠠᠯ ᠬᠢᠯᠭᠡᠨ᠎ᠡ᠃ ᠡᠷᠬᠦᠨ ᠲᠡᠵᠢᠭᠡᠭᠰᠡᠨ ᠦᠷ᠎ᠡ ᠬᠡᠦᠭᠡᠳ ᠨᠢ ᠭᠠᠳᠠᠨ᠎ᠠ ᠤᠷᠤᠨ ᠳᠤ ᠡᠷᠦᠭᠡ ᠠᠮᠠ ᠶᠢᠨ ᠳᠠᠩᠰᠠ ᠲᠠᠢ ᠪᠤᠯ᠂ ᠡᠷᠦᠭᠡ ᠠᠮᠠ ᠨᠡᠭᠦᠯᠭᠡᠨ ᠤᠷᠤᠭᠤᠯᠬᠤ ᠲᠠᠩᠰᠠᠯᠠᠯ ᠬᠢᠯᠭᠡᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1