ᠡᠷᠦᠭᠡ ᠠᠮᠠ ᠪᠠᠨ ᠨᠡᠭᠦᠯᠭᠡᠨ ᠰᠢᠯᠵᠢᠬᠦᠯᠬᠦ ᠵᠦᠪᠰᠢᠶᠡᠷᠡᠯ
ᠨᠡᠶᠢᠲᠡᠯᠡᠭᠰᠡᠨ ᠴᠠᠭ᠄
2017/11/15
     ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠦᠭᠡ ᠠᠮᠠ ᠲᠠᠩᠰᠠᠯᠠᠬᠤ ᠲᠦᠷᠢᠮ︾᠎ ᠤᠨ ᠠᠷᠪᠠᠳᠤᠭᠠᠷ ᠵᠦᠢᠯ᠄ ᠠᠷᠠᠳ ᠢᠷᠭᠡᠳ ᠲᠤᠰ ᠡᠷᠦᠭᠡ ᠠᠮᠠ ᠶᠢᠨ ᠬᠠᠮᠢᠶᠠᠷᠤᠯᠳᠠ ᠶᠢᠨ ᠲᠤᠭᠤᠷᠢᠭ ᠠᠴᠠ ᠨᠡᠬᠦᠨ ᠰᠢᠯᠵᠢᠬᠦ ᠳᠤ᠂ ᠲᠤᠰ ᠬᠦᠮᠦᠨ ᠪᠤᠶᠤ ᠡᠷᠦᠭᠡ ᠶᠢᠨ ᠡᠵᠡᠨ ᠨᠢ ᠨᠡᠬᠦᠨ ᠰᠢᠯᠵᠢᠬᠦ ᠠᠴᠠ ᠪᠠᠨ ᠡᠮᠦᠨ᠎ᠡ᠂ ᠡᠷᠦᠭᠡ ᠠᠮᠠ ᠲᠠᠩᠰᠠᠯᠠᠬᠤ ᠪᠠᠶᠢᠭᠤᠯᠭ᠎ᠠ ᠳᠤ ᠨᠡᠬᠦᠯᠭᠡᠨ ᠰᠢᠯᠵᠢᠬᠦᠯᠬᠦ ᠲᠠᠩᠰᠠᠯᠠᠯ ᠬᠢᠯᠬᠡᠬᠦ ᠪᠠᠷ ᠭᠤᠶᠤᠴᠢᠯᠠᠨ ᠮᠡᠳᠡᠬᠦᠯᠵᠤ᠂ ᠨᠡᠬᠦᠨ ᠰᠢᠯᠵᠢᠬᠦ ᠬᠡᠷᠡᠴᠢ ᠪᠢᠴᠢᠭ ᠢ ᠠᠪᠴᠤ᠂ ᠡᠷᠦᠭᠡ ᠠᠮᠠ ᠪᠠᠨ ᠬᠦᠴᠦᠨ ᠦᠭᠡᠢ ᠪᠤᠯᠭᠠᠨ᠎ᠠ᠃      ᠠᠷᠠᠳ ᠢᠷᠭᠡᠳ ᠬᠥᠳᠡᠭᠡ ᠲᠤᠰᠬᠤᠨ ᠠᠴᠠ ᠬᠤᠳᠠ ᠤᠷᠤᠭᠤ ᠨᠡᠭᠦᠪᠡᠯ᠂ ᠡᠷᠬᠡᠪᠰᠢ ᠬᠤᠳᠠ ᠶᠢᠨ ᠬᠥᠳᠡᠯᠮᠦᠷᠢ ᠶᠢᠨ ᠰᠠᠯᠠᠭ᠎ᠠ ᠮᠥᠴᠢᠷ ᠤᠨ ᠡᠯᠰᠡᠨ ᠬᠡᠷᠡᠭᠯᠡᠬᠦ ᠭᠡᠷᠡᠴᠢ᠂ ᠰᠤᠷᠭᠠᠭᠤᠯᠢ ᠶᠢᠨ ᠡᠯᠰᠡᠬᠦ ᠦᠨᠡᠮᠯᠡᠯ ᠡᠰᠡᠬᠦᠯ᠎ᠡ ᠬᠤᠳᠠ ᠶᠢᠨ ᠡᠷᠦᠭᠡ ᠠᠮᠠ ᠳᠠᠩᠰᠠᠯᠠᠬᠤ ᠪᠠᠶᠢᠭᠤᠯᠭ᠎ᠠ ᠠᠴᠠ ᠨᠡᠭᠦᠨ ᠣᠷᠣᠬᠤ ᠶᠢ ᠨᠢ ᠵᠦᠪᠰᠢᠶᠡᠷᠡᠭᠰᠡᠨ ᠭᠡᠷᠡᠴᠢ ᠪᠠᠨ ᠠᠪᠤᠨ᠂ ᠪᠠᠶᠢᠩᠭᠤ ᠰᠠᠭᠤᠭ᠎ᠠ ᠭᠠᠵᠠᠷ ᠤᠨ ᠡᠷᠦᠭᠡ ᠠᠮᠠ ᠳᠠᠩᠰᠠᠯᠠᠬᠤ ᠪᠠᠶᠢᠭᠤᠯᠭ᠎ᠠ ᠳᠤ ᠤᠴᠢᠵᠦ ᠨᠡᠭᠦᠨ ᠰᠢᠯᠵᠢᠬᠦ ᠭᠠᠷᠳᠠᠮ ᠭᠦᠢᠴᠡᠳᠬᠡᠨ᠎ᠡ᠃ ᠠᠷᠠᠳ ᠢᠷᠭᠡᠳ ᠬᠢᠯᠢ ᠶᠢᠨ ᠬᠠᠮᠠᠭᠠᠯᠠᠯᠲᠠ ᠶᠢᠨ ᠣᠷᠣᠨ ᠳᠤ ᠨᠡᠭᠦᠵᠦ ᠣᠴᠢᠪᠠᠯ᠂ ᠡᠷᠬᠡᠪᠰᠢ ᠪᠠᠶᠢᠩᠭᠤ ᠰᠠᠭᠤᠭ᠎ᠠ ᠭᠠᠵᠠᠷ ᠤᠨ ᠰᠢᠶᠠᠨ᠂ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠪᠠᠷ ᠵᠦᠪᠰᠢᠶᠡᠷᠡᠬᠦᠯᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ᠄ ᠴᠡᠷᠢᠭ ᠤᠨ ᠠᠯᠪᠠ ᠬᠠᠭᠠᠬᠤ ᠪᠠᠷ ᠡᠯᠰᠡᠭᠳᠡᠭᠰᠡᠨ ᠠᠷᠠᠳ ᠢᠷᠭᠡᠳ᠂ ᠴᠡᠷᠢᠭ ᠲᠤ ᠣᠷᠣᠬᠤ ᠠᠴᠠ ᠡᠮᠦᠨ᠎ᠡ᠂ ᠲᠤᠰ ᠬᠦᠮᠦᠨ ᠪᠤᠶᠤ ᠡᠷᠦᠭᠡ ᠶᠢᠨ ᠡᠵᠡᠨ ᠨᠢ ᠠᠷᠠᠳ ᠢᠷᠭᠡᠳ ᠢ ᠴᠡᠷᠢᠭ ᠲᠤ ᠡᠯᠰᠡᠭᠰᠡᠨ ᠮᠡᠳᠡᠭᠳᠡᠯ ᠤᠨ ᠪᠢᠴᠢᠭ ᠢᠶᠠᠨ ᠠᠪᠴᠤ ᠪᠠᠶᠢᠩᠭᠤ ᠰᠠᠭᠤᠭ᠎ᠠ ᠭᠠᠵᠠᠷ ᠤᠨ ᠡᠷᠦᠭᠡ ᠠᠮᠠ ᠳᠠᠩᠰᠠᠯᠠᠬᠤ ᠪᠠᠶᠢᠭᠤᠯᠭ᠎ᠠ ᠳᠤ ᠤᠴᠢᠨ ᠨᠡᠭᠦᠨ ᠰᠢᠯᠵᠢᠬᠦ ᠶᠢ ᠳᠠᠩᠰᠠᠯᠠᠭᠤᠯᠬᠤ᠂ ᠡᠷᠦᠭᠡ ᠠᠮᠠ ᠪᠠᠨ ᠬᠠᠰᠤᠭᠤᠯᠬᠤ ᠪᠠᠷ ᠭᠤᠶᠤᠴᠢᠯᠠᠨ ᠮᠡᠳᠡᠭᠦᠯᠤᠨ᠎ᠡ᠂ ᠨᠡᠭᠦᠨ ᠰᠢᠯᠵᠢᠬᠦ ᠭᠡᠷᠡᠴᠢ ᠤᠯᠭᠤᠬᠤ ᠦᠭᠡᠢ᠃      ᠠᠷᠪᠠᠨ ᠬᠤᠶᠠᠳᠤᠭᠠᠷ ᠵᠦᠢᠯ᠄ ᠪᠠᠷᠢᠪᠴᠢᠯᠠᠭᠳᠠᠭᠰᠠᠨ ᠶᠠᠯᠠᠳᠠᠨ ᠤ ᠬᠢ ᠪᠤᠯ᠂ ᠪᠠᠷᠢᠪᠴᠢᠯᠠᠭᠰᠠᠨ ᠪᠠᠶᠢᠭᠤᠯᠭ᠎ᠠ ᠠᠴᠠ ᠶᠠᠯᠠᠲᠠᠨ ᠤ ᠭᠡᠷ ᠤᠨ ᠬᠦᠮᠦᠨ ᠳᠤ ᠮᠡᠳᠡᠭᠳᠡᠬᠦ ᠶᠢᠨ ᠬᠠᠮᠲᠤ᠂ ᠶᠠᠯᠠᠲᠠᠨ ᠤ ᠪᠠᠶᠢᠩᠭᠤ ᠰᠠᠭᠤᠭ᠎ᠠ ᠭᠠᠵᠠᠷ ᠤᠨ ᠡᠷᠦᠭᠡ ᠠᠮᠠ ᠳᠠᠩᠰᠠᠯᠠᠬᠤ ᠪᠠᠶᠢᠭᠤᠯᠭ᠎ᠠ ᠳᠤ ᠮᠡᠳᠡᠭᠳᠡᠵᠦ ᠡᠷᠦᠭᠡ ᠠᠮᠠ ᠶᠢ ᠨᠢ ᠬᠠᠰᠤᠭᠤᠯᠤᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1