ᠦᠵᠢᠶᠠ ᠪᠠᠯᠭᠠᠰᠤ ᠭᠤᠷᠪᠠᠨ ᠵᠦᠢᠯ ᠤᠨ ᠠᠷᠭ᠎ᠠ ᠬᠡᠮᠵᠢᠶ᠎ᠠ ᠪᠠᠷ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2017/11/16
                    ᠰᠢᠯᠢᠳᠡᠭ ᠰᠠᠶᠢᠨ ᠠᠮᠤᠷ ᠲᠤᠭᠳᠠᠭᠤᠨ ᠠᠶᠤᠯᠬᠦᠢ ᠦᠢᠯᠡᠳᠪᠦᠷᠢᠯᠡᠯ ᠤᠨ ᠤᠷᠴᠢᠨ ᠲᠤᠭᠤᠷᠢᠨ ᠢ ᠪᠤᠢ ᠪᠤᠯᠭᠠᠬᠤ ᠪᠠᠷ᠂ ᠦᠵᠢᠶᠠ ᠪᠠᠯᠭᠠᠰᠤ ᠨᠢ ᠭᠤᠷᠪᠠᠨ ᠵᠦᠢᠯ ᠤᠨ ᠠᠷᠭ᠎ᠠ ᠬᠡᠮᠵᠢᠶ᠎ᠠ ᠪᠠᠷ ᠠᠶᠤᠯᠬᠦᠢ ᠦᠢᠯᠡᠳᠪᠦᠷᠢᠯᠡᠯ ᠎ ᠤᠨ ᠠᠵᠢᠯ ᠢ ᠴᠢᠩᠭ᠎ᠠ ᠠᠳᠬᠤᠵᠤ ᠪᠠᠶᠢᠨ᠎ᠠ᠃     ᠨᠢᠬᠡ᠂ ᠪᠠᠶᠢᠴᠠᠭᠠᠯᠳᠠ ᠶᠢ ᠴᠢᠩᠭᠠᠳᠬᠠᠪᠠ᠃10 ᠰᠠᠷ᠎ᠠ ᠠᠴᠠ ᠨᠠᠰᠢ᠂ ᠲᠤᠰ ᠪᠠᠯᠭᠠᠰᠤ ᠨᠢ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠲᠤᠪᠴᠢᠶ᠎ᠠ᠂ ᠠᠵᠤ ᠠᠬᠤᠢ ᠰᠤᠷᠠᠭ ᠵᠠᠩᠬᠢᠵᠢᠯᠳᠠ ᠶᠢᠨ ᠲᠤᠪᠴᠢᠶ᠎ᠠ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠬᠤ ᠲᠤᠪᠴᠢᠶ᠎ᠠ ᠵᠡᠷᠬᠡ ᠰᠠᠯᠠᠭ᠎ᠠ ᠮᠦᠴᠢᠷ ᠲᠠᠢ ᠬᠤᠯᠪᠤᠭᠠᠯᠠᠨ ᠠᠮᠤᠷ ᠲᠦᠪᠰᠢᠨ ᠤ ᠶᠡᠭᠡ ᠪᠠᠶᠢᠴᠠᠭᠠᠯᠳᠠ ᠶᠢ ᠦᠷᠨᠢᠬᠦᠯᠵᠤ᠂ ᠭᠤᠤᠯᠳᠠᠯᠭ᠎ᠠ ᠲᠠᠢ ᠪᠠᠷ ᠬᠦᠷᠢᠶᠡᠯᠡᠩ ᠲᠤᠭᠤᠷᠢᠭ ᠤᠨ ᠠᠵᠤ ᠠᠬᠤᠶᠢᠯᠠᠯ᠂ ᠲᠤᠰᠤ ᠨᠡᠮᠡᠬᠦ ᠦᠷᠳᠡᠭᠡ᠂ ᠢᠳᠡᠬᠡᠨ ᠪᠤᠯᠪᠠᠰᠤᠷᠠᠭᠤᠯᠬᠤ ᠦᠢᠯᠡᠳᠪᠦᠷᠢ᠂ ᠰᠤᠷᠭᠠᠭᠤᠯᠢ ᠬᠡᠦᠬᠡᠳ ᠎ ᠤᠨ ᠴᠡᠴᠡᠷᠯᠢᠭ ᠵᠡᠷᠬᠡ ᠴᠠᠷ᠎ᠠ ᠬᠦᠷᠢᠶᠠᠨ ᠳᠤ ᠲᠠᠷᠠᠭᠠᠯᠠᠨ ᠪᠠᠶᠢᠴᠠᠭᠠᠯᠳᠠ ᠬᠢᠵᠤ᠂ᠠᠮᠤᠷ ᠲᠦᠪᠰᠢᠨ ᠤ ᠬᠡᠮ ᠰᠤᠭᠤᠭ ᠨᠡᠶᠢᠳᠠ 35 ᠵᠦᠢᠯ ᠢ ᠢᠯᠡᠷᠡᠬᠦᠯᠤᠨ᠂ ᠵᠠᠰᠠᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ19 ᠬᠤᠪᠢ ᠪᠠᠭᠤᠯᠭᠠᠭᠰᠠᠨ ᠪᠠᠶᠢᠨ᠎ᠠ᠃    ᠬᠤᠶᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠰᠠᠷ᠎ᠠ᠂ ᠤᠯᠠᠷᠢᠯ ᠪᠠᠷ ᠠᠶᠦᠯᠬᠦᠢ ᠦᠢᠯᠡᠳᠪᠦᠷᠢᠯᠡᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠵᠤ᠂ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ᠂ ᠬᠠᠮᠢᠶ᠎ᠠ ᠪᠦᠬᠦᠢ ᠦᠷᠳᠡᠭᠡ ᠠᠯᠪᠠᠨ ᠬᠡᠷ ᠤᠨ ᠬᠠᠷᠢᠭᠤᠴᠠᠯᠭᠠᠳᠠᠨ᠂ ᠡᠯ᠎ᠡ ᠲᠤᠰᠬᠤᠨ ᠤ ᠡᠷᠬᠢᠯᠡᠭᠴᠢ ᠠᠴᠠ ᠠᠶᠦᠯᠬᠦᠢ ᠦᠢᠯᠡᠳᠪᠦᠷᠢᠯᠡᠯ ᠎ ᠤᠨ ᠠᠵᠢᠯ ᠤᠨ ᠶᠠᠪᠤᠭᠳᠠᠵᠤ ᠪᠠᠶᠢᠭ᠎ᠠ ᠪᠠᠶᠢᠳᠠᠯ ᠳᠤ ᠪᠦᠬᠦ ᠲᠠᠯ᠎ᠠ ᠶᠢᠨ ᠡᠮᠬᠢᠯᠡᠯᠳᠠ ᠬᠢᠵᠤ᠂ ᠪᠠᠶᠢᠴᠠᠭᠠᠨ ᠭᠠᠷᠭᠠᠭᠰᠠᠨ ᠠᠮᠤᠷ ᠲᠦᠪᠰᠢᠨ ᠤ ᠬᠡᠮ ᠰᠤᠭᠤᠭ ᠤᠨ ᠠᠰᠠᠭᠤᠳᠠᠯ ᠳᠤ ᠴᠠᠭ ᠤᠨ ᠢᠯᠡᠳᠬᠡᠯ ᠲᠤᠭᠳᠠᠭᠠᠵᠤ᠂ ᠠᠶᠤᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠤᠨ ᠠᠷᠭ᠎ᠠ ᠪᠠᠷᠢᠯ ᠢ ᠪᠤᠳᠠᠳᠠᠢ ᠳᠤ ᠨᠠᠶᠢᠳᠠᠪᠦᠷᠢᠵᠢᠭᠤᠯᠵᠠᠢ᠃    ᠭᠤᠷᠪᠠ᠂ ᠤᠬᠠᠭᠤᠯᠭ᠎ᠠ ᠶᠢ ᠴᠢᠩᠭᠠᠳᠬᠠᠪᠠ᠃ ᠪᠦᠬᠦ ᠪᠠᠯᠭᠠᠰᠤᠨ ᠤ ᠭᠤᠤᠯ ᠵᠡᠬᠡᠯᠢ᠂ ᠬᠤᠳᠠᠯᠳᠤᠭ᠎ᠠ ᠲᠡᠯᠬᠡᠬᠦᠷ ᠵᠡᠷᠬᠡ ᠬᠦᠮᠦᠨ ᠤᠯᠠᠨ ᠴᠤᠭᠯᠠᠷᠠᠳᠠᠭ ᠲᠠᠯᠠᠪᠤᠷ ᠪᠤᠯᠤᠨ ᠡᠯ᠎ᠡ ᠲᠤᠰᠬᠤᠨ ᠤ ᠠᠯᠪᠠᠨ ᠮᠡᠳᠡᠭᠡ ᠵᠠᠷ ᠤᠨ ᠰᠠᠮᠪᠠᠷ᠎ᠠ ᠲᠤ ᠬᠦᠨᠳᠡᠯᠡᠨ ᠪᠢᠴᠢᠬᠡᠰᠦ ᠡᠯᠬᠦᠵᠤ᠂ ᠠᠶᠦᠯᠬᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠠᠶᠦᠯᠬᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠤᠷᠢᠶ᠎ᠠ ᠶᠢ ᠨᠠᠭᠠᠵᠤ᠂ ᠦᠷᠬᠡᠨ ᠤᠯᠠᠨ ᠲᠦᠮᠡᠨ ᠤ ᠠᠮᠤᠷ ᠲᠦᠪᠰᠢᠨ ᠤ ᠲᠠᠨᠢᠯᠳᠠ ᠪᠠ ᠪᠠᠴᠢᠮ ᠢ ᠠᠷᠭᠠᠴᠠᠬᠤ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠪᠡ᠃                        
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1