ᠹᠧᠩ ᠱᠦᠢ ᠭᠸᠦ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︽ᠭᠤᠷᠪᠠᠨ ᠠᠷᠭ᠎ᠠ ᠪᠠᠷᠢᠯ︾᠎ ᠢᠶᠠᠷ  ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠵᠢᠱᠢᠭᠳᠡᠭᠴᠢ ᠶᠢ ᠬᠢᠨᠠᠨ ᠪᠠᠶᠢᠴᠠᠭᠠᠬᠤ ᠪᠤᠭᠤᠮᠳᠠ ᠶᠢ ᠴᠢᠩᠭ᠎ᠠ ᠠᠳᠬᠤᠵᠤ ᠪᠤᠢ
ᠨᠡᠶᠢᠲᠡᠯᠡᠭᠰᠡᠨ ᠴᠠᠭ᠄
2017/11/16
       2017 ᠤᠨ ᠤ10 ᠰᠠᠷ᠎ᠠ ᠶᠢᠨ26᠎ ᠠᠴᠠ11 ᠰᠠᠷ᠎ᠠ ᠶᠢᠨ 3᠎ ᠤ ᠡᠳᠦᠷ ᠪᠤᠯᠳᠠᠯ᠎ᠠ᠂ ᠹᠧᠩ ᠱᠦᠢ ᠭᠸᠦ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠤᠯᠠᠨ ᠨᠡᠷ᠎ᠠ ᠺᠠᠳ᠋ᠷ ᠢ ᠵᠤᠬᠢᠶᠠᠨ ᠪᠠᠶᠢᠭᠤᠯᠵᠤ ᠲᠤᠭᠤᠷᠢᠭ ᠎ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠵᠢᠱᠢᠭᠳᠡᠭᠴᠢ ᠪᠤᠯᠤᠨ ᠪᠠᠯᠭᠠᠰᠤᠨ ᠎ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠵᠢᠱᠢᠭᠳᠡᠭᠴᠢ ᠳᠤ ᠰᠢᠯᠭᠠᠨ ᠪᠠᠶᠢᠴᠠᠭᠠᠯᠳᠠ ᠬᠢᠵᠤ᠂ ᠠᠷᠠᠳ ᠤᠨ ᠲᠦᠯᠦᠬᠡᠯᠡᠭᠴᠢ ᠶᠢᠨ ᠵᠢᠱᠢᠭᠳᠡᠭᠴᠢ ᠰᠤᠩᠭᠤᠬᠤ ᠪᠤᠭᠤᠮᠳᠠ ᠶᠢ ᠴᠢᠩᠭ᠎ᠠ ᠠᠳᠬᠤᠵᠤ᠂ ᠠᠷᠠᠳ ᠲᠦᠮᠡᠨ ᠳᠤ ᠬᠠᠨᠤᠮᠵᠢᠳᠠᠢ ᠲᠦᠯᠦᠬᠡᠯᠡᠭᠴᠢ ᠰᠤᠩᠭᠤᠬᠤ ᠶᠢ ᠪᠠᠳᠤᠯᠠᠵᠤ ᠪᠠᠶᠢᠨ᠎ᠠ᠃     ᠨᠢᠬᠡ᠂ ᠦᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠬᠦᠵᠤ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶ᠎ᠠ ᠤᠯᠠᠨ ᠤᠳᠠᠭ᠎ᠠ ᠰᠤᠩᠭᠤᠭᠤᠯᠢ ᠶᠢᠨ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠰᠠᠨ ᠪᠠ ᠰᠤᠩᠭᠤᠭᠤᠯᠢ ᠎ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠰᠠᠨ ᠠᠴᠠ ᠭᠠᠳᠠᠨ᠎ᠠ᠂ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠪᠠᠰᠠ ᠲᠤᠰᠬᠠᠢ ᠨᠠᠮ ᠵᠠᠰᠠᠭ ᠤᠨ ᠤᠳᠤᠷᠢᠳᠬᠤ ᠪᠠᠭ᠂ ᠠᠯᠪᠠᠨ ᠪᠠᠶᠢᠭᠤᠯᠤᠯᠭ᠎ᠠ ᠶᠢᠨ ᠺᠠᠳ᠋ᠷ᠂ ᠲᠤᠰᠬᠤᠨ ᠤ ᠬᠤᠶᠠᠷ ᠵᠦᠪᠯᠡᠯ ᠤᠨ ᠬᠡᠰᠢᠬᠦᠨ ᠢ ᠵᠤᠬᠢᠶᠠᠨ ᠪᠠᠶᠢᠭᠤᠯᠵᠤ᠂ ᠬᠠᠮᠳᠤᠪᠠᠷ ᠬᠤᠶᠠᠷ ᠹᠢᠯᠢᠮ ᠢ ᠰᠤᠨᠢᠷᠬᠠᠵᠤ ᠂ ᠨᠢᠬᠡ ᠪᠢᠴᠢᠭ ᠢ ᠰᠤᠷᠤᠯᠴᠠᠵᠤ᠂ ᠰᠤᠩᠭᠤᠭᠤᠯᠢ ᠶᠢᠨ ᠠᠵᠢᠯ ᠢ ᠰᠠᠶᠢᠳᠤᠷ ᠬᠢᠬᠦ ᠳᠤ ᠬᠠᠤᠯᠢ ᠲᠦᠷᠢᠮ ᠤᠨ ᠰᠠᠭᠤᠷᠢ ᠶᠢ ᠲᠠᠯᠪᠢᠭᠰᠠᠨ ᠪᠠᠶᠢᠨ᠎ᠠ᠃    ᠬᠤᠶᠠᠷ᠂ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠲᠦᠪ ᠴᠢᠩᠭ᠎ᠠ ᠪᠤᠯᠭᠠᠵᠠᠢ᠃ ᠪᠠᠯᠭᠠᠰᠤᠨ ᠎ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠵᠢᠯ ᠤᠨ ᠲᠦᠰᠦᠯ ᠢ ᠤᠯᠠᠮ ᠨᠢᠬᠡ ᠠᠯᠬᠤᠮ ᠨᠠᠷᠢᠯᠢᠭᠵᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠲᠤᠳᠤᠷᠬᠠᠢ ᠪᠠᠶᠢᠯᠭᠠᠬᠤ᠂ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠶᠢ ᠱᠠᠭᠠᠷᠳᠠᠵᠤ᠂ ᠬᠠᠷᠢᠭᠤᠴᠠᠯᠭ᠎ᠠ ᠶᠢ ᠰᠠᠨᠠᠭᠠᠴᠢᠯᠠᠭ᠎ᠠ ᠲᠠᠢ ᠡᠬᠦᠷᠬᠡᠯᠡᠵᠤ᠂ ᠶᠡᠭᠡ ᠲᠠᠯ᠎ᠠ ᠶᠢ ᠲᠠᠭᠠᠭᠠᠬᠤ ᠶᠢ ᠴᠢᠷᠮᠠᠶᠢᠨ ᠪᠠᠶᠡᠯᠡᠬᠦᠯᠵᠠᠢ︔ ︽ᠶᠢᠰᠦᠨ ᠴᠢᠩᠭ᠎ᠠ ᠬᠤᠷᠢᠭᠯᠠᠬᠤ᠂ ᠶᠢᠰᠦᠨ ᠲᠦᠷᠢᠮ︾᠎ ᠤᠨ ᠰᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠷᠢᠭᠤᠨ ᠴᠢᠬᠡᠴᠢ ᠬᠡᠪ ᠰᠤᠷᠳᠠᠯ ᠢ ᠪᠠᠳᠤᠯᠠᠵᠤ ᠪᠠᠶᠢᠨ᠎ᠠ᠃     ᠭᠤᠷᠪᠠ᠂ ᠬᠢᠷᠢ ᠬᠡᠮᠵᠢᠶ᠎ᠠ ᠶᠢ ᠴᠢᠩᠭ᠎ᠠ ᠬᠢᠨᠠᠨ ᠪᠠᠶᠢᠴᠠᠭᠠᠪᠠ᠃ ᠲᠡᠭᠡᠳᠦ ᠱᠠᠳᠤᠨ ᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠵᠢᠱᠢᠭᠳᠡᠭᠴᠢ ᠶᠢᠨ ᠪᠦᠳᠦᠴᠠ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠶᠡᠷᠦᠩᠬᠡᠶᠢᠯᠡᠨ ᠵᠠᠰᠠᠬᠤ᠂ ᠲᠦᠯᠦᠪᠯᠡᠬᠡᠳᠦ ᠦᠷᠡᠵᠢᠯ ᠪᠠ ᠡᠷᠡᠬᠦᠯ ᠬᠠᠮᠭᠠᠯᠠᠯ᠂ ᠵᠠᠬᠢᠳᠠᠯ ᠰᠤᠷᠪᠤᠯᠵᠢᠯᠠᠭ᠎ᠠ᠂ ᠲᠤᠳᠤᠭᠠᠳᠤ ᠶᠢ ᠬᠠᠮᠠᠭᠠᠯᠠᠬᠤ ᠵᠡᠷᠬᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ᠂ ᠬᠢᠷᠢ ᠬᠡᠮᠵᠢᠶ᠎ᠠ ᠶᠢ ᠬᠢᠨᠠᠨ ᠪᠠᠶᠢᠴᠠᠭᠠᠬᠤ ᠲᠤᠭᠤᠶᠢᠯᠠᠩ ᠪᠦᠷᠢᠯᠳᠦᠬᠦᠯᠵᠤ᠂ ᠲᠡᠭᠡᠭᠰᠢ ᠮᠡᠳᠡᠬᠦᠯᠬᠦ ᠵᠢᠱᠢᠭᠳᠡᠴᠢ ᠳᠤ ᠬᠢᠨᠠᠨ ᠰᠢᠯᠭᠠᠯᠳᠠ ᠬᠢᠵᠤ᠂ ᠭᠤᠤᠯᠳᠠᠯᠭ᠎ᠠ ᠲᠠᠢ ᠪᠠᠷ ᠲᠠᠩᠰᠠ ᠡᠪᠬᠡᠮᠡᠯ ᠮᠠᠲ᠋ᠧᠷᠢᠶᠠᠯ ᠢ ᠬᠠᠷᠭᠤᠭᠤᠯᠤᠨ ᠦᠵᠡᠬᠦ᠂ ᠬᠠᠤᠯᠢ ᠶᠤᠰᠤᠭᠠᠷ ᠡᠵᠡᠩᠨᠡᠵᠤ ᠪᠠᠶᠢᠬᠤ᠂ ᠪᠠᠶ᠎ᠠ ᠶᠢᠨ ᠭᠠᠷᠤᠯ ᠤᠨ ᠲᠤᠭᠳᠠᠭᠠᠯ᠂ ᠰᠠᠬᠢᠯᠭ᠎ᠠ ᠲᠦᠷᠢᠮ ᠬᠠᠤᠯᠢ ᠴᠠᠭᠠᠵᠠ ᠶᠢ ᠵᠦᠷᠢᠴᠡᠭᠰᠡᠨ ᠵᠡᠷᠬᠡ ᠲᠠᠯ᠎ᠠ ᠳᠤ ᠲᠠᠪᠬᠤᠷ ᠲᠠᠪᠬᠤᠷ ᠬᠢᠨᠠᠨ ᠪᠠᠶᠢᠴᠠᠭᠠᠯᠳᠠ ᠬᠢᠵᠤ᠂ ᠵᠢᠱᠢᠭᠳᠡᠭᠴᠢ ᠶᠢᠨ ᠴᠢᠨᠠᠷ ᠴᠢᠨᠰᠠᠭ᠎ᠠ ᠪᠤᠯᠤᠨ ᠬᠠᠤᠯᠢ ᠶᠤᠰᠤᠭᠠᠷ ᠡᠬᠦᠷᠬᠡ ᠲᠤᠰᠢᠶᠠᠯ ᠢᠶᠠᠨ ᠬᠦᠢᠴᠡᠳᠬᠡᠬᠦ ᠶᠢ ᠪᠠᠳᠤᠯᠠᠵᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1