ᠦᠵᠢᠶᠠ ᠲᠤᠰᠬᠤᠨ ᠤ ᠢᠳᠡᠰᠢᠨ ᠨᠤᠭᠤᠭᠠᠨ ᠤ ᠬᠦᠯᠡᠮᠵᠢ ᠶᠢᠨ ᠲᠦᠷᠦᠯ ᠵᠦᠢᠯ540 ᠲᠦᠮᠡᠨ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2017/11/16
    ᠦᠢᠷ᠎ᠠ ᠳᠤ᠂ ᠰᠤᠷᠪᠤᠯᠵᠢᠯᠠᠭᠴᠢ ᠦᠵᠢᠶᠠ ᠪᠠᠯᠭᠠᠰᠤᠨ ᠤ ᠦᠵᠢᠶᠠ ᠲᠤᠰᠬᠤᠨ ᠤ ᠿᠢ ᠭᠤᠸᠠᠩ ᠢᠳᠡᠰᠢᠨ ᠨᠤᠭᠤᠭ᠎ᠠ ᠶᠢᠨ ᠬᠦᠯᠡᠮᠵᠢ  ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠤᠷ ᠲᠤ ᠬᠡᠳᠦᠨ ᠠᠵᠢᠯᠳᠠᠨ ᠶᠠᠭᠠᠷᠠᠯᠳᠠᠢ ᠪᠠᠷ ᠬᠦᠯᠡᠮᠵᠢ  ᠶᠢᠨ ᠲᠤᠯᠭᠠᠭᠤᠷᠢ ᠪᠤᠰᠬᠠᠵᠤ᠂ ᠦᠨᠦ ᠵᠢᠯ ᠤᠨ ᠪᠠᠷᠢᠯᠭ᠎ᠠ ᠶᠢᠨ ᠠᠵᠢᠯ ᠤᠨ ᠰᠢᠪᠳᠤᠷᠭᠠᠨ ᠳᠤ ᠤᠷᠤᠭᠰᠠᠨ ᠢ ᠤᠯᠵᠤ ᠬᠠᠷᠠᠯ᠎ᠠ᠃ ᠴᠠᠭ ᠠᠭᠤᠷ ᠤᠨ ᠰᠢᠯᠳᠠᠭᠠᠨ ᠠᠴᠠ ᠪᠤᠯᠵᠤ᠂ ᠲᠤᠰ ᠰᠠᠷ᠎ᠠ ᠶᠢᠨ10᠎ ᠤ ᠡᠳᠦᠷ᠂ ᠿᠢ ᠭᠤᠸᠠᠩ  ᠢᠳᠡᠰᠢᠨ ᠨᠤᠭᠤᠭ᠎ᠠ ᠶᠢᠨ ᠬᠦᠯᠡᠮᠵᠢ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠤᠨ ᠨᠢᠬᠡ ᠬᠡᠰᠡᠭ ᠨᠢ ᠲᠠᠭᠤᠰᠴᠤ᠂ ᠪᠦᠬᠦ ᠢᠨᠵᠧᠨᠧᠷᠢᠩ ᠢ2018 ᠤᠨ ᠤ 6 ᠰᠠᠷ᠎ᠠ ᠳᠤ ᠲᠠᠭᠤᠰᠬᠠᠬᠤ ᠪᠠᠷ ᠲᠦᠯᠦᠪᠯᠡᠵᠤ ᠪᠠᠶᠢᠨ᠎ᠠ᠃     ᠦᠢᠯᠠᠭᠠᠭᠰᠠᠨ ᠢᠶᠠᠷ᠂ ᠦᠵᠢᠶᠠ ᠲᠤᠰᠬᠤᠨ ᠤ ᠿᠢ ᠭᠤᠸᠠᠩ ᠬᠦᠯᠡᠮᠵᠢ ᠶᠢᠨ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ1030 ᠲᠦᠮᠡᠨ ᠲᠦᠬᠦᠷᠢᠭ᠃ ᠡᠬᠦᠨ ᠳᠤ ᠤᠯᠤᠰ ᠤᠨ ᠲᠦᠷᠦᠯ ᠵᠦᠢᠯ ᠤᠨ ᠪᠡᠯᠡ ᠮᠦᠩᠬᠦ570 ᠲᠦᠮᠡᠨ ᠲᠦᠬᠦᠷᠢᠭ ᠢ ᠭᠤᠶᠤᠴᠢᠯᠠᠨ ᠤᠯᠵᠤ᠂ ᠲᠠᠷᠢᠶᠠᠯᠠᠬᠤ ᠡᠷᠦᠬᠡ ᠶᠢᠨ ᠦᠪᠡᠰᠦᠪᠡᠨ ᠴᠤᠭᠯᠠᠭᠤᠯᠤᠭᠰᠠᠨ ᠪᠡᠯᠡ ᠮᠦᠩᠬᠦ 240 ᠲᠦᠮᠡᠨ ᠲᠦᠬᠦᠷᠢᠭ ᠬᠦᠷᠴᠦ᠂ ᠪᠠᠩᠬᠢ ᠶᠢᠨ ᠵᠢᠬᠡᠯᠡᠯᠬᠡ220 ᠲᠦᠮᠡᠨ ᠲᠦᠬᠦᠷᠢᠭ ᠠᠪᠤᠪᠠ᠃ ᠦᠨᠦ ᠵᠢᠯ ᠨᠢᠬᠡᠨᠳᠠ540 ᠲᠦᠮᠡᠨ ᠲᠦᠬᠦᠷᠢᠭ ᠤᠨ ᠪᠡᠯᠡ ᠤᠷᠤᠭᠤᠯᠵᠤ᠂375 ᠮᠤ᠋ ᠭᠠᠵᠠᠷ ᠎ ᠢ ᠲᠡᠭᠰᠢᠯᠡᠨ᠂ ᠰᠢᠨ᠎ᠡ ᠪᠠᠷ ᠪᠠᠶᠢᠭᠤᠯᠤᠭᠰᠠᠨ ᠬᠦᠯᠡᠮᠵᠢ ᠶᠢᠨ ᠬᠡᠷᠡᠮ 91 ᠲᠠᠰᠤᠯᠭ᠎ᠠ᠂ ᠬᠠᠷᠠᠵᠤ ᠬᠠᠮᠠᠭᠠᠯᠠᠬᠤ ᠬᠡᠷ ᠎ ᠤᠨ ᠬᠡᠷᠡᠮ ᠤᠨ ᠪᠠᠷᠢᠯᠭ᠎ᠠ50 ᠬᠡᠰᠡᠭ᠂ ᠰᠢᠨ᠎ᠡ ᠪᠠᠷ ᠤᠭᠰᠠᠷᠠᠭᠰᠠᠨ ᠮᠠᠰᠢᠨ ᠬᠤᠳᠳᠤᠭ 2 ᠰᠠᠭᠤᠷᠢ᠂ ᠦᠨᠳᠦᠷ ᠬᠦᠴᠦᠳᠡᠯᠳᠦ ᠴᠠᠬᠢᠯᠭᠠᠨ ᠱᠤᠭᠤᠮ1500 ᠮᠧᠲᠷ    ᠤᠭᠰᠠᠷᠠᠵᠠᠢ᠃ 2018 ᠤᠨ ᠳᠤ 490 ᠲᠦᠮᠡᠨ ᠲᠦᠬᠦᠷᠢᠭ ᠤᠷᠤᠭᠤᠯᠬᠤ ᠪᠠᠷ ᠲᠦᠯᠦᠪᠯᠡᠵᠤ᠂ ᠬᠦᠯᠡᠮᠵᠢ ᠶᠢᠨ ᠲᠡᠮᠦᠷ ᠵᠢᠶᠠᠰᠠ91 ᠰᠠᠭᠤᠷᠢ   ᠤᠭᠰᠠᠷᠠᠵᠤ᠂ ᠭᠠᠵᠠᠷ ᠲᠤᠤᠷᠠᠬᠢ ᠤᠰᠤᠨ ᠬᠤᠭᠤᠯᠠᠢ ᠶᠢᠨ ᠱᠤᠭᠤᠮ5000 ᠮᠧᠲᠷ ᠪᠤᠯᠤᠨ ᠲᠤᠤᠷ᠎ᠠ ᠬᠦᠴᠦᠳᠡᠯᠳᠦ ᠴᠠᠬᠢᠯᠭᠠᠨ ᠤᠳᠠᠰᠣ4000 ᠮᠧᠲᠷ ᠢ  ᠤᠭᠰᠠᠷᠠᠵᠤ᠂ ᠤᠰᠤ ᠬᠠᠳᠠᠭᠠᠯᠠᠬᠤ ᠴᠦᠬᠦᠷᠦᠮ ᠨᠢᠬᠡ  ᠂ ᠲᠠᠷᠢᠶᠠᠨ ᠲᠤᠮᠳᠠᠬᠢ ᠠᠵᠢᠯᠯᠠᠬᠤ ᠵᠠᠮ 600 ᠮᠤ᠋ ᠶᠢ ᠵᠠᠰᠠᠨ ᠪᠠᠶᠢᠭᠤᠯᠵᠤ᠂ 4000 ᠰᠠᠭᠤᠷᠢ ᠵᠢᠮᠢᠰ ᠤᠨ ᠮᠤᠳᠤ ᠲᠠᠷᠢᠭᠰᠠᠨ ᠪᠠᠶᠢᠨ᠎ᠠ᠃     ᠦᠵᠢᠶᠠ ᠲᠤᠰᠬᠤᠨ ᠤ ᠵᠦᠪᠯᠡᠯ ᠤᠨ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠠᠷ᠂ ᠦᠵᠢᠶᠠ ᠲᠤᠰᠬᠤᠨ ᠎ ᠤ ᠿᠢ ᠭᠤᠸᠠᠩ ᠬᠦᠯᠡᠮᠵᠢ ᠶᠢᠨ ᠲᠦᠷᠦᠯ ᠵᠦᠢᠯ ᠤᠨ ᠡᠵᠡᠯᠡᠬᠦ ᠲᠠᠯᠠᠪᠠᠢ375 ᠮᠤ᠋᠂91 ᠰᠠᠭᠤᠷᠢ ᠬᠦᠯᠡᠮᠵᠢ ᠪᠠᠶᠢᠭᠤᠯᠬᠤ ᠪᠠᠷ ᠲᠦᠯᠦᠪᠯᠡᠵᠤ᠂ ᠭᠤᠤᠯᠳᠠᠭᠤ ᠲᠦᠪᠡᠳ ᠬᠠᠰᠢ᠂ ᠯᠠᠵᠤᠤ ᠪᠤᠯᠤᠨ ᠬᠠᠰᠢ ᠲᠠᠷᠢᠵᠤ᠂ ᠬᠦᠯᠡᠮᠵᠢ ᠶᠢ ᠪᠠᠶᠢᠭᠤᠯᠤᠭᠰᠠᠨ ᠤ ᠲᠠᠷᠠᠭ᠎ᠠ ︽ᠬᠤᠶᠠᠷ ᠢ ᠤᠷᠢᠳᠠᠪᠡᠷ ᠪᠤᠳᠤᠯᠬᠢᠯᠠᠬᠤ︾ ᠲᠦᠷᠢᠶᠡᠰᠦᠯᠡᠬᠦᠯᠬᠦ ᠲᠦᠷᠦ ᠶᠢᠨ ᠪᠤᠳᠤᠯᠭ᠎ᠠ ᠶᠢ ᠶᠠᠪᠤᠭᠤᠯᠵᠤ᠂ ᠲᠠᠷᠤᠢ ᠲᠤᠰ ᠲᠤᠰᠬᠤᠨ ᠤ ᠲᠠᠷᠢᠶᠠᠯᠠᠬᠤ ᠡᠷᠦᠬᠡ ᠳᠤ ᠤᠷᠢᠳᠠᠪᠠᠷ ᠲᠦᠷᠢᠶᠡᠰᠦᠯᠡᠬᠦᠯᠵᠤ᠂ ᠠᠮᠢᠳᠤᠷᠠᠯ ᠬᠦᠴᠢᠷᠳᠠᠢ ᠡᠷᠦᠬᠡ ᠳᠤ ᠤᠷᠢᠳᠠᠪᠠᠷ ᠲᠦᠷᠢᠶᠡᠰᠦᠯᠡᠬᠦᠯᠬᠦ ᠪᠤᠯᠤᠨ᠎ᠠ᠃ ᠤᠳᠤᠬᠠᠨ ᠎ ᠳᠤ ᠨᠢᠬᠡᠨᠳᠠ ᠬᠦᠯᠡᠮᠵᠢ ᠳᠤ ᠨᠡᠷ᠎ᠠ ᠮᠡᠳᠡᠬᠦᠯᠦᠨ ᠤᠷᠢᠳᠴᠢᠯᠠᠨ ᠪᠤᠯᠵᠤᠭᠰᠠᠨ ᠡᠷᠦᠬᠡ40 ᠪᠠᠶᠢᠵᠤ᠂ ᠬᠦᠯᠡᠮᠵᠢ ᠶᠢ ᠲᠦᠷᠢᠶᠡᠰᠦᠯᠡᠭᠰᠡᠨ ᠡᠷᠦᠬᠡ ᠵᠢᠯ ᠪᠦᠷᠢ ᠶᠢᠨ ᠲᠦᠯᠦᠪᠯᠡᠭᠰᠡᠨ ᠤᠷᠤᠯᠭ᠎ᠠ2᠎ ᠠᠴᠠ3 ᠲᠦᠮᠡᠨ ᠲᠦᠬᠦᠷᠢᠭ ᠬᠦᠷᠬᠦ ᠪᠤᠯᠤᠨ᠎ᠠ᠃ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠲᠤᠰ ᠲᠤᠰᠬᠤᠨ ᠤ ᠦᠯᠡᠬᠦᠦ ᠬᠦᠳᠡᠯᠮᠤᠷᠢ ᠬᠦᠴᠦᠨ ᠢ 50 ᠭᠠᠷᠤᠢ ᠬᠦᠮᠦᠨ ᠲᠤᠬᠢᠷᠠᠭᠤᠯᠵᠤ᠂ ᠲᠤᠰᠬᠤᠨ ᠤ ᠬᠠᠮᠲᠦ ᠨᠡᠶᠢᠳᠠ ᠶᠢᠨ ᠤᠷᠤᠯᠭ᠎ᠠ ᠵᠢᠯ ᠤᠨ25 ᠲᠦᠮᠡ ᠠᠴᠠ30 ᠲᠦᠮᠡ ᠨᠡᠮᠡᠭᠳᠡᠬᠦ ᠪᠤᠯᠤᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1