ᠳ᠋ᠤᠸᠠᠨ ᡁᠢ ᠴᠢᠶᠠᠩ ᠡᠩ ᠤᠨ ᠨᠠᠮ ᠤᠨ ᠬᠡᠰᠢᠬᠦᠨ ᠤ ᠬᠤᠪᠢ ᠪᠠᠷ ᠦᠪᠡᠷ ᠤᠨ ᠪᠠᠶᠢᠭ᠎ᠠ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2017/11/16
     11 ᠰᠠᠷ᠎ᠠ ᠶᠢᠨ 7᠎ ᠤ ᠡᠳᠤᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠡᠩ ᠤᠨ ᠨᠠᠮ ᠤᠨ ᠬᠡᠰᠢᠬᠦᠨ ᠤ ᠬᠤᠪᠢ ᠪᠠᠷ ᠦᠪᠡᠷ ᠤᠨ ᠪᠠᠶᠢᠭ᠎ᠠ ᠬᠤᠳᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠶᠡᠷᠦᠩᠬᠡᠢ ᠭᠠᠵᠠᠷ ᠤᠨ ᠬᠤᠯᠪᠤᠭᠠᠳᠤ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠡᠬᠦᠷ ᠤᠨ ᠨᠦᠬᠦᠳ ᠲᠠᠢ ᠪᠠᠨ ᠬᠠᠮᠳᠤᠪᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠠᠢ᠃ ᠬᠤᠷᠠᠯ ᠲᠡᠬᠡᠷ᠎ᠠ᠂ ᠡᠬᠦᠷ ᠤᠨ ᠨᠦᠬᠦᠳ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠶᠢᠨ ᠲᠤᠭᠤᠷᠢᠨ ᠳᠤ᠂ ᠦᠪᠡᠷ ᠤᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠨᠢᠯᠳᠠ ᠪᠠᠨ ᠰᠤᠯᠢᠯᠴᠠᠵᠤ᠂ ᠲᠦᠷᠦᠭᠳᠡᠯ ᠢᠶᠠᠨ ᠶᠠᠷᠢᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠮᠰᠠᠷ ᠠᠴᠠ ᠪᠠᠨ ᠰᠠᠶᠢᠳᠤᠷ ᠰᠤᠷᠤᠯᠴᠠᠨ ᠤᠶᠢᠢᠯᠠᠭᠠᠵᠦ᠂ ᠰᠠᠶᠢᠳᠤᠷ ᠳᠤᠤᠱᠯᠠᠭᠤᠯᠤᠨ ᠨᠠᠶᠢᠳᠠᠪᠤᠷᠢᠵᠢᠭᠤᠯᠤᠨ᠎ᠠ ᠬᠡᠵᠦ ᠰᠠᠨᠠᠯ ᠨᠢᠬᠡᠳᠡᠢ ᠢᠯᠠᠷᠬᠡᠶᠢᠯᠠᠵᠠᠢ᠃ ᠳ᠋ᠤᠸᠠᠨ ᡁᠢ ᠴᠢᠶᠠᠩ ᠡᠩ ᠤᠨ ᠨᠠᠮ ᠤᠨ ᠬᠡᠰᠢᠬᠦᠨ ᠤ ᠬᠤᠪᠢ ᠪᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠬᠤᠢ ᠲᠠᠯᠠᠪᠠᠢ ᠳᠤ ᠤᠷᠤᠯᠴᠠᠨ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠢ ᠰᠤᠨᠤᠰᠤᠭᠰᠠᠨ ᠲᠦᠷᠦᠭᠳᠡᠯ ᠪᠠ ᠤᠶᠢᠢᠯᠠᠭᠠᠯᠳᠠ ᠪᠠᠨ ᠬᠤᠪᠢᠶᠠᠯᠴᠠᠵᠠᠢ᠃ ᠲᠡᠷᠡ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ ᠱᠠᠳᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠰᠢᠨ᠎ᠠ ᠴᠠᠭ ᠦᠶ᠎ᠠ ᠳᠤ ᠤᠷᠤᠭᠰᠠᠨ ᠵᠠᠩᠬᠢᠯᠠᠭ᠎ᠠ ᠶᠢᠨ ᠴᠠᠭ ᠦᠶ᠎ᠠ ᠳᠤ ᠬᠤᠷᠠᠯᠳᠤᠭᠰᠠᠨ ᠨᠢᠬᠡ ᠤᠳᠠᠭᠠᠨ ᠤ ᠲᠦᠢᠯ ᠤᠨ ᠴᠢᠬᠤᠯᠠ ᠬᠤᠷᠠᠯ᠂ ᠨᠢᠬᠡ ᠤᠳᠠᠭᠠᠨ ᠤ ᠤᠭ ᠰᠠᠨᠠᠭ᠎ᠠ ᠪᠠᠨ ᠦᠯᠦ ᠤᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠪᠦᠯᠬᠦᠮᠳᠡᠨ ᠲᠠᠪᠰᠢᠭᠰᠠᠨ ᠶᠡᠭᠡ ᠬᠤᠷᠠᠯ ᠮᠦᠨ︔ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ᠲᠡᠬᠦᠨ ᠢᠶᠠᠷ ᠠᠯᠢᠪᠠ ᠠᠵᠢᠯ ᠤᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠬᠦᠷ ᠪᠤᠯᠭᠠᠬᠤ ᠬᠡᠷᠡᠭᠳᠡᠢ︔ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠠᠵᠢᠯ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠳᠤᠤᠱᠯᠠᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ ᠳᠤᠷᠠᠳᠤᠭᠰᠠᠨ ᠰᠢᠨ᠎ᠠ ᠨᠤᠳᠠᠯᠠᠯ᠂ ᠰᠢᠨ᠎ᠠ ᠲᠡᠦᠬᠡᠨ ᠡᠬᠦᠷᠬᠡ᠂ ᠰᠢᠨ᠎ᠠ ᠠᠶᠠᠯᠠᠯ᠂ ᠰᠢᠨ᠎ᠠ ᠪᠠᠶᠢᠷᠢᠯᠠᠭᠤᠯᠤᠯᠳᠠ᠂ ᠰᠢᠨ᠎ᠠ ᠱᠠᠭᠠᠷᠳᠠᠯᠭ᠎ᠠ ᠶᠢ ᠬᠦᠨᠵᠡᠬᠡᠶᠢᠡᠵᠡᠮᠰᠢᠬᠦ ᠬᠡᠷᠡᠭᠳᠡᠢ ᠬᠡᠵᠦ ᠵᠢᠭᠠᠵᠤ ᠭᠠᠷᠭᠠᠵᠠᠢ᠃ ᠳ᠋ᠤᠸᠠᠨ ᡁᠢ ᠴᠢᠶᠠᠩ ᠠᠭᠤᠤ ᠶᠡᠭᠡ ᠳᠤᠭ ᠢ ᠦᠨᠳᠦᠷ ᠮᠠᠨᠳᠤᠭᠤᠯᠤᠨ᠂ ᠦᠨᠡᠨᠬᠦ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠴᠢᠭᠯᠡᠬᠦᠷ ᠪᠤᠯᠭᠠᠬᠤ ᠬᠡᠷᠡᠭᠳᠡᠢ︔ ᠬᠤᠳᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠨᠠᠮ ᠤᠨ ᠬᠡᠰᠢᠬᠦᠨ ᠺᠠᠳ᠋ᠷ ᠡᠷᠬᠡᠪᠰᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢᠨ ᠠᠭᠤᠤ ᠶᠡᠭᠡ ᠳᠤᠭ ᠢ ᠦᠨᠳᠦᠷ ᠮᠠᠨᠳᠤᠭᠤᠯᠤᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠮ ᠳᠠᠭᠠᠨ ᠦᠨᠡᠨᠴᠢ᠂ ᠭᠤᠤᠯ ᠢ ᠬᠠᠮᠠᠭᠠᠯᠠᠬᠤ ᠪᠠᠳᠤ ᠪᠠᠬᠢ ᠢᠳᠡᠬᠡᠯ ᠵᠤᠷᠢᠭ ᠪᠤᠯᠭᠠᠨ ᠬᠤᠪᠢᠷᠠᠭᠤᠯᠵᠤ᠂ ︽ᠲᠦᠷᠪᠡᠨ ᠤᠬᠠᠮᠰᠠᠷ︾᠎ ᠢ ᠪᠤᠢ ᠪᠤᠯᠭᠠᠵᠤ᠂ ︽ᠲᠦᠷᠪᠡᠨ ᠢᠳᠡᠬᠡᠯ︾᠎ ᠢᠶᠠᠨ ᠪᠠᠳᠤᠳᠬᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠰᠡᠨ ᠨᠢᠭᠡᠳᠤᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ︔ ᠦᠨᠡᠨᠬᠦ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠲᠠᠷᠢᠬᠢ ᠳᠤᠯᠤᠭᠠᠢ ᠪᠠᠨ ᠵᠡᠪᠰᠡᠭᠯᠡᠵᠦ᠂ ᠦᠢᠯᠡᠳᠦᠯᠬᠡ ᠪᠠᠨ ᠵᠢᠯᠦᠭᠤᠳᠤᠭᠤᠯᠬᠤ ᠬᠡᠷᠡᠭᠳᠡᠢ︔ ᠠᠯᠪᠠᠨ ᠲᠢᠩᠬᠢᠮ ᠤᠨ ᠨᠠᠮ ᠤᠨ ᠬᠡᠰᠢᠬᠦᠨ ᠺᠠᠳ᠋ᠷ ᠡᠷᠬᠡᠪᠰᠢ ᠲᠠᠭᠤᠷᠢᠶᠠᠯ ᠪᠤᠯᠵᠤ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠤᠱᠯᠠᠭᠤᠯᠬᠤ ᠪᠠᠷ ᠤᠯᠤᠰ ᠲᠦᠷᠦ ᠶᠢᠨ ᠪᠤᠯᠪᠠᠰᠤᠷᠠᠯ ᠢᠶᠠᠨ ᠲᠡᠭᠡᠭᠰᠢᠯᠡᠬᠦᠯᠬᠦ᠂ ᠳᠤᠬᠠᠶᠢᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠷᠠᠭᠤᠯᠬᠤ ᠶᠡᠭᠡ ᠬᠦᠳᠡᠯᠭᠡᠭᠴᠢ ᠬᠦᠴᠦᠨ ᠪᠤᠯᠭᠠᠬᠤ ᠶᠢ ᠪᠠᠷᠢᠮᠳᠠᠯᠠᠵᠤ᠂ ᠤᠬᠠᠮᠰᠠᠷ ᠠᠴᠠ ᠪᠠᠨ ᠦᠨᠳᠦᠰᠦᠨ ᠱᠠᠳᠤᠨ ᠳᠤ ᠬᠦᠨᠵᠡᠬᠡᠶᠢᠷᠡᠵᠤ᠂ ᠤᠯᠠᠨ ᠲᠦᠮᠡᠨ ᠲᠠᠢ ᠤᠶᠢᠢᠷᠠᠳᠴᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠭᠴᠢ᠂ ᠤᠬᠠᠭᠤᠯᠤᠭᠴᠢ᠂ ᠦᠢᠯᠡᠳᠦᠯᠬᠡᠵᠢᠬᠦᠯᠦᠭᠴᠢ᠂ ᠠᠬᠢᠭᠤᠯᠤᠭᠴᠢ ᠪᠤᠯᠬᠤ ᠪᠠᠷ ᠴᠢᠷᠮᠠᠶᠢᠬᠤ ᠬᠡᠷᠡᠭᠳᠡᠢ ᠬᠡᠵᠦ ᠱᠠᠭᠠᠷᠳᠠᠵᠠᠢ᠃ ᠬᠠᠮᠤᠭ ᠰᠡᠬᠦᠯ ᠳᠤ᠂ ᠳ᠋ᠤᠸᠠᠨ ᡁᠢ ᠴᠢᠶᠠᠩ ᠦᠪᠡᠷ ᠤᠨ ᠦᠰᠦᠨ ᠪᠤᠶᠢᠵᠢᠭᠰᠠᠨ ᠪᠠ ᠠᠵᠢᠯ ᠤᠨ ᠦᠩᠬᠡᠷᠡᠭᠡᠯᠳᠡ ᠪᠠᠷ ᠢᠶᠠᠨ ᠡᠬᠦᠷ ᠤᠨ ᠵᠠᠯᠠᠭᠤ ᠨᠦᠬᠦᠳ ᠲᠤ ᠬᠦᠰᠡᠯ ᠡᠷᠡᠮᠡᠯᠵᠠᠯ ᠢᠶᠠᠨ ᠳᠤᠷᠠᠳᠴᠠᠢ᠃ ᠲᠡᠷᠡ᠂ ᠵᠠᠯᠠᠭᠤᠴᠤᠳ ᠲᠠᠪᠰᠢᠪᠠᠯ ᠤᠯᠤᠰ ᠤᠷᠤᠨ ᠮᠠᠨᠳᠤᠵᠤ᠂ ᠵᠠᠯᠠᠭᠤᠴᠤᠳ ᠬᠦᠴᠦᠷᠭᠡᠭᠵᠢᠪᠠᠯ ᠤᠯᠤᠰ ᠤᠷᠤᠨ ᠬᠦᠴᠦᠷᠭᠡᠭᠵᠢᠨ᠎ᠠ᠃ ᠵᠠᠯᠠᠭᠤ ᠺᠠᠳ᠋ᠷᠴᠤᠳ ᠯᠠᠪᠳᠠᠭᠤᠨ ᠳᠤᠭᠳᠠᠭᠤᠨ᠂ ᠵᠤᠷᠢᠭᠳᠠᠢ ᠪᠠᠷ ᠬᠦᠴᠢᠷ ᠢ ᠳᠤᠭᠤᠯᠵᠤ᠂ ᠦᠢᠯᠡᠰ ᠪᠤᠰᠬᠠᠵᠤ᠂ ᠨᠠᠮ ᠪᠤᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠭᠠᠪᠢᠶ᠎ᠠ ᠪᠠᠶᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤᠮᠳᠠ ᠰᠢᠨ᠎ᠠ ᠬᠦᠴᠦᠨ ᠤ ᠦᠢᠯᠡᠳᠦᠯ ᠢᠶᠠᠨ ᠪᠠᠳᠠᠷᠠᠭᠤᠯᠰᠤᠭᠠᠢ ᠬᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠸᠠᠩ ᠢᠦᠢ ᠱᠦ ᠬᠤᠳᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮ ᠨᠢᠬᠡ ᠠᠯᠬᠤᠮ ᠰᠤᠷᠤᠯᠴᠠᠨ ᠤᠬᠠᠭᠤᠯᠵᠤ ᠳᠤᠤᠱᠯᠠᠭᠤᠯᠬᠤ ᠳᠤᠬᠠᠢ ᠪᠤᠳᠠᠳᠠᠢ ᠱᠠᠭᠠᠷᠳᠠᠯᠭ᠎ᠠ ᠳᠤᠷᠠᠳᠴᠠᠢ᠃ ︵ᠶᠤᠸᠠᠢ ᠶᠢᠨ ᠰᠢᠩ︶
 
ᠢᠷᠡᠯᠲᠡ᠄ ᠤᠯᠠᠭᠠᠠᠬᠠᠳᠠ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1