ᠠᠵᠦ ᠠᠬᠤᠶᠢᠯᠠᠯ ᠰᠢᠯᠵᠢᠵᠦ ᠢᠷᠡᠬᠦ ᠳᠤ ᠳᠠᠩᠰᠠ ᠡᠪᠬᠢᠮᠡᠯ ᠢᠶᠠᠨ ᠰᠢᠯᠵᠢᠭᠦᠯᠬᠦ ᠪᠠᠷ ᠭᠤᠶᠤᠴᠢᠯᠠᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
    1᠂ ᠠᠵᠦ ᠠᠬᠤᠶᠢᠯᠠᠯ ᠰᠢᠯᠵᠢᠵᠦ ᠢᠷᠡᠬᠦ ᠳᠤ ᠳᠠᠩᠰᠠ ᠡᠪᠬᠢᠮᠡᠯ ᠢᠶᠠᠨ ᠰᠢᠯᠵᠢᠭᠦᠯᠬᠦ ᠪᠠᠷ ᠭᠤᠶᠤᠴᠢᠯᠠᠬᠤ ᠭᠤᠶᠤᠴᠢᠯᠠᠯ ᠤᠨ ᠮᠡᠳᠡᠭᠦᠯᠦᠯᠳᠡ︔     2᠂ ︽ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠭᠡᠷᠡᠴᠢᠯᠡᠯ︾ ︵ᠠᠵᠦ ᠠᠬᠤᠶᠢᠯᠠᠯ ᠠᠯᠪᠠᠨ ᠳᠠᠮᠠᠭ᠎ᠠ ᠳᠠᠷᠤᠨ᠎ᠠ︶ ᠵᠢᠴᠢ ᠬᠠᠤᠯᠢ ᠪᠠᠷ ᠲᠤᠭᠳᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔      ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠭᠦᠢᠴᠡᠳᠭᠡᠬᠦ ᠬᠡᠷᠡᠭ ᠶᠠᠪᠤᠳᠠᠯ᠂ ᠡᠷᠬᠡ ᠮᠡᠳᠡᠯ᠂ ᠡᠷᠭᠡ ᠤᠯᠭᠤᠭᠰᠠᠨ ᠴᠠᠭ ᠤᠨ ᠬᠢᠵᠠᠭᠠᠷ ᠢ ᠲᠤᠳᠤᠷᠬᠠᠶᠢᠯᠠᠨ᠎ᠠ᠃       3᠂ ᠺᠤᠮᠫᠠᠨᠢ ᠪᠤᠰᠤ ᠠᠵᠦ ᠠᠬᠤᠶᠢᠯᠠᠯ ᠤᠨ ᠬᠠᠤᠯᠢ ᠶᠢᠨ ᠬᠦᠮᠤᠨ ᠨᠢ ᠬᠠᠷᠢᠶ᠎ᠠ ᠬᠠᠷᠢᠴᠠᠭ᠎ᠠ ᠶᠢᠨ ᠬᠤᠪᠢᠷᠠᠯᠳᠠ ᠠᠴᠠ ᠪᠤᠯᠤᠭᠠᠳ ᠪᠦᠷᠢᠳᠭᠡᠯᠭᠡᠭᠰᠡᠨ ᠪᠠᠶᠢᠭᠤᠯᠭ᠎ᠠ ᠪᠠᠨ ᠬᠤᠪᠢᠷᠠᠭᠤᠯᠬᠤ ᠪᠠᠷ ᠭᠤᠶᠤᠴᠢᠯᠠᠬᠤ ᠳᠤ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢᠨ ᠪᠦᠷᠢᠳᠭᠡᠯ ᠤᠨ ᠬᠦᠰᠤᠨᠦᠭᠳᠤ ᠶᠢᠨ ᠬᠠᠭᠤᠯᠪᠤᠷᠢ ᠶᠢ ᠲᠤᠰᠢᠶᠠᠨ᠎ᠠ︔     4᠂ ᠨᠡᠭᠦᠨ ᠤᠴᠢᠬᠤ ᠭᠠᠵᠠᠷ ᠤᠨ ᠪᠦᠷᠢᠳᠭᠡᠯ ᠤᠨ ᠪᠠᠶᠢᠭᠤᠯᠭ᠎ᠠ ᠶᠢᠨ ᠲᠤᠰᠢᠶᠠᠬᠤ ᠶᠢ ᠱᠠᠭᠠᠷᠳᠠᠭᠰᠠᠨ ᠬᠠᠮᠢᠶ᠎ᠠ ᠪᠦᠬᠦᠢ ᠮᠠᠲ᠋ᠧᠷᠢᠶᠠᠯ︔     5᠂ ᠠᠵᠦ ᠠᠬᠤᠶᠢᠯᠠᠯ ᠤᠨ ᠡᠵᠡᠩᠨᠡᠯᠳᠡ ᠶᠢᠨ ᠦᠨᠡᠮᠯᠡᠯ ᠤᠨ ᠳᠡᠳ᠋ ᠳᠡᠪᠳᠡᠷ ᠤᠨ ᠬᠠᠭᠤᠯᠪᠤᠷᠢ᠃     ᠳᠤᠳᠤᠷᠬᠠᠶᠢᠯᠠᠯᠳᠠ᠄     1᠂ ᠠᠵᠦ ᠠᠬᠤᠶᠢᠯᠠᠯ ᠨᠡᠭᠦᠨ ᠤᠴᠢᠬᠤ ᠭᠠᠵᠠᠷ ᠤᠨ ᠪᠦᠷᠢᠳᠭᠡᠯ ᠤᠨ ᠪᠠᠶᠢᠭᠤᠯᠭ᠎ᠠ ᠳᠤ ᠤᠤᠯ ᠪᠦᠷᠢᠳᠭᠡᠯ ᠤᠨ ᠪᠠᠶᠢᠭᠤᠯᠭ᠎ᠠ ᠠᠴᠠ ᠪᠦᠷᠢᠳᠭᠡᠯ ᠤᠨ ᠳᠠᠩᠰᠠ ᠡᠪᠬᠢᠮᠡᠯ ᠢᠶᠠᠨ ᠰᠢᠯᠵᠢᠭᠦᠯᠤᠨ ᠠᠪᠴᠢᠷᠠᠬᠤ ᠪᠠᠷ ᠭᠤᠶᠤᠴᠢᠯᠠᠬᠤ ᠳᠤ ᠲᠤᠰ ᠵᠢᠷᠤᠮᠵᠢᠯ ᠢ ᠬᠡᠷᠡᠭᠯᠡᠬᠦ ᠳᠤ ᠲᠤᠬᠢᠷᠠᠨ᠎ᠠ᠃     2᠂ ︽ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠭᠡᠷᠡᠴᠢᠯᠡᠯ︾᠎ ᠢ ᠤᠯᠤᠰ ᠤᠨ ᠠᠵᠦ ᠦᠢᠯᠡᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠶᠢᠨ ︽ᠳᠤᠮᠳᠠᠳᠤ ᠤᠯᠤᠰ ᠤᠨ ᠠᠵᠦ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠦ ᠦᠢᠯᠠᠡᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠤᠴᠢᠵᠦ ᠠᠪᠴᠤ ᠪᠤᠯᠤᠨ᠎ᠠ᠃     3᠂ ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ ᠴᠦᠮ A4 ᠴᠠᠭᠠᠰᠤ ᠶᠢ ᠬᠡᠷᠡᠭᠯᠡᠨ᠎ᠡ᠃     ᠳᠡᠭᠡᠷ᠎ᠡ ᠳᠤᠷᠠᠳᠤᠭᠰᠠᠨ ᠡᠯ᠎ᠡ ᠵᠦᠢᠯ ᠳᠤ ᠬᠠᠭᠤᠯᠪᠤᠷᠢ ᠲᠤᠰᠢᠶᠠᠵᠦ ᠪᠤᠯᠬᠤ ᠶᠢ ᠲᠤᠷᠠᠳᠤᠭᠰᠠᠨ ᠦᠬᠡᠢ ᠪᠤᠯ ᠡᠬᠡ ᠮᠠᠲ᠋ᠧᠷᠢᠶᠠᠯ ᠢ ᠳᠤᠰᠢᠶᠠᠨ᠎ᠠ︔ ᠬᠠᠭᠤᠯᠪᠤᠷᠢ ᠶᠢ ᠲᠤᠰᠢᠶᠠᠬᠤ ᠳᠤ ᠭᠦᠷᠪᠠᠯ ︽ᠡᠬᠡ ᠮᠠᠲ᠋ᠧᠷᠢᠶᠠᠯ ᠲᠠᠢ ᠠᠳᠠᠯᠢ︾ ᠬᠡᠳᠡᠭ ᠢ ᠲᠤᠳᠤᠷᠬᠠᠶᠢᠯᠠᠵᠦ᠂ ᠠᠵᠦ ᠠᠬᠤᠶᠢᠯᠠᠯ ᠭᠠᠷ ᠤᠨ ᠦᠰᠦᠭ ᠵᠢᠷᠤᠬᠤ ᠪᠤᠶᠤ ᠲᠡᠭᠦᠨ ᠤ ᠵᠢᠭᠠᠨ ᠲᠤᠭᠳᠠᠭᠠᠭᠰᠠᠨ ᠲᠦᠯᠦᠭᠡᠯᠡᠭᠴᠢ ᠡᠰᠡᠬᠦᠯ᠎ᠡ ᠨᠠᠶᠢᠳᠠᠯᠭ᠎ᠠ ᠬᠦᠯᠢᠶᠡᠭᠰᠡᠨ ᠭᠦᠢᠴᠡᠳᠭᠴᠭᠴᠢ ᠨᠢ ᠠᠯᠪᠠᠨ ᠳᠠᠮᠠᠭ᠎ᠠ ᠲᠠᠷᠤᠬᠤ ᠪᠤᠶᠤ ᠭᠠᠷ ᠤᠨ ᠦᠰᠦᠭ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1