ᠠᠵᠤ ᠠᠬᠤᠶᠢᠯᠠᠯ ᠤᠨ ᠨᠡᠭᠦᠨ ᠰᠢᠯᠵᠢᠬᠦ ᠪᠠᠷ ᠪᠦᠷᠢᠳᠭᠡᠯᠬᠡᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
     1. ᠠᠵᠤ ᠠᠬᠤᠶᠢᠯᠠᠯ ᠨᠡᠭᠦᠨ ᠤᠴᠢᠬᠤ ᠭᠠᠵᠠᠷ ᠤᠨ ᠢᠶᠠᠨ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠪᠦᠷᠢᠳᠭᠡᠯᠭᠡᠬᠦ ᠭᠤᠶᠤᠴᠢᠯᠠᠯ ᠤᠨ ᠮᠡᠳᠡᠭᠦᠯᠦᠯᠲᠡ︔     2. ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾ ︵ᠠᠵᠤ ᠠᠬᠤᠶᠢᠯᠠᠯ᠂ ᠺᠣᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶ ᠵᠢᠴᠢ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔     ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃ 3. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ᠃     ᠲᠣᠲᠣᠷᠬᠠᠶᠢᠯᠠᠯᠲᠠ᠄     1. ᠠᠵᠤ ᠠᠬᠤᠶᠢᠯᠠᠯ ᠤᠤᠯ ᠤᠨ ᠳᠠᠩᠰᠠᠯᠠᠭᠤᠯᠤᠭᠰᠠᠨ ᠪᠠᠶᠢᠭᠤᠯᠭ᠎ᠠ ᠠᠴᠠ ᠪᠤᠰᠤᠳ ᠳᠠᠩᠰᠠᠯᠠᠭᠤᠯᠬᠤ ᠪᠠᠶᠢᠭᠤᠯᠭ᠎ᠠ ᠳᠤ ᠰᠢᠯᠵᠢᠬᠦ ᠦᠶᠡᠰ ᠲᠤᠰ ᠵᠢᠷᠤᠮᠵᠢᠯ ᠳᠣᠬᠢᠷᠠᠨ᠎ᠠ᠃ ᠬᠡᠷᠪᠡ ᠨᠡᠭᠦᠨ ᠰᠢᠯᠵᠢᠬᠦ ᠪᠠᠷ ᠳᠠᠩᠰᠠᠯᠠᠭᠤᠯᠬᠤ ᠨᠢ ᠳᠠᠩᠰᠠᠯᠠᠯ ᠤᠨ ᠬᠠᠷᠢᠶᠠᠯᠠᠬᠤ ᠡᠷᠬᠡ ᠶᠢᠨ ᠡᠷᠬᠡ ᠣᠯᠭᠤᠬᠤ ᠳᠤ ᠬᠤᠯᠪᠣᠭᠳᠠᠭᠰᠠᠨ ᠪᠣᠯ᠂ ᠡᠷᠬᠡ ᠣᠯᠭᠤᠬᠤ ᠳᠠᠩᠰᠠᠯᠠᠯ ᠤᠨ ᠭᠠᠷᠳᠠᠮ ᠢ ᠴᠤᠭ ᠲᠤᠨᠢ ᠭᠦᠢᠴᠡᠳᠭᠡᠬᠦ ᠬᠡᠷᠡᠭᠲᠡᠢ᠃     2. ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠎ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠤᠴᠢᠨ ᠠᠪᠴᠤ ᠪᠤᠯᠤᠨ᠎ᠠ᠃    3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠶᠢ ᠬᠡᠷᠡᠭᠯᠡᠨ᠎ᠡ᠃     ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠶᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ ᠲᠤᠲᠤᠷᠬᠠᠶᠢᠯᠠᠬᠤ ᠶᠢᠨ ᠬᠠᠮᠲᠤ ᠠᠵᠤ ᠠᠬᠤᠶᠢᠯᠠᠯ ᠭᠠᠷ ᠤᠨ ᠦᠰᠦᠭ ᠵᠢᠷᠤᠬᠤ ᠡᠰᠡᠭᠦᠯ᠎ᠡ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1