ᠳᠠᠩᠰᠠᠯᠠᠭᠤᠯᠤᠭᠰᠠᠨ ᠬᠦᠷᠦᠩᠭᠡ ᠪᠠᠨ ᠬᠤᠪᠢᠷᠠᠭᠠᠬᠤ ᠪᠠᠷ ᠪᠦᠷᠢᠳᠬᠡᠯᠭᠡᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
     1. ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ ᠪᠦᠷᠢᠳᠭᠡᠭᠦᠯᠦᠭᠰᠡᠨ ᠢᠶᠠᠨ ᠬᠤᠪᠢᠷᠠᠭᠠᠬᠤ ᠭᠤᠶᠤᠴᠢᠯᠠᠯ ᠤᠨ ᠪᠢᠴᠢᠭ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶︔       2. ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ ᠪᠦᠷᠢᠳᠭᠡᠬᠦᠯᠦᠭᠰᠡᠨ ᠢᠶᠠᠨ ᠬᠤᠪᠢᠷᠠᠭᠠᠬᠤ ᠳᠠᠭᠠᠯᠳᠤᠭᠤᠯᠤᠯ ᠬᠦᠰᠦᠨᠦᠭᠲᠦ — — ᠬᠤᠪᠢ ᠤᠷᠤᠭᠤᠯᠤᠭᠴᠢ ᠶᠢᠨ ᠪᠡᠯᠡ ᠭᠠᠷᠭᠠᠭᠰᠠᠨ ᠮᠡᠳᠡᠭᠡ ᠵᠠᠩᠬᠢ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶︔      3. ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠪᠠᠷ ᠨᠠᠶᠢᠳᠠᠭᠰᠠᠨ ᠲᠦᠯᠦᠭᠡᠯᠡᠭᠴᠢ ᠶᠢᠨ ᠬᠡᠷᠡᠴᠢ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶ ᠪᠤᠯᠤᠨ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠨ ᠬᠦᠢᠴᠡᠳᠭᠡᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠤᠷᠢ︔      ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠪᠠᠷ ᠨᠠᠶᠢᠳᠠᠭᠰᠠᠨ ᠤᠷᠤᠯᠠᠨ ᠬᠦᠢᠴᠡᠳᠭᠡᠭᠴᠢ ᠶᠢᠨ ᠬᠦᠢᠴᠡᠳᠭᠡᠬᠦ ᠵᠦᠢᠯ᠂ ᠡᠷᠭᠡ ᠮᠡᠳᠡᠯ᠂ ᠡᠷᠬᠡ ᠤᠯᠭᠤᠭᠰᠠᠨ ᠬᠤᠭᠤᠴᠠᠭ᠎ᠠ ᠶᠢ ᠲᠤᠲᠤᠷᠬᠠᠶᠢᠯᠠᠬᠤ ᠬᠡᠷᠡᠭᠲᠠᠢ᠃      4. ᠺᠤᠮᠫᠠᠨᠢ ᠶᠢᠨ ᠳᠠᠩᠰᠠᠯᠠᠭᠤᠯᠤᠭᠰᠠᠨ ᠬᠦᠷᠦᠩᠭᠡ ᠪᠠᠨ ᠨᠡᠮᠡᠭᠳᠡᠭᠦᠯᠬᠦ / ᠬᠠᠰᠤᠭᠳᠠᠭᠤᠯᠬᠤ ᠲᠤᠬᠠᠢ ᠰᠢᠢᠳᠪᠦᠷᠢ ᠪᠤᠶᠤ ᠲᠤᠭᠲᠠᠭᠠᠯ︔      ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠰᠢᠢᠳᠪᠦᠷᠢ ᠪᠤᠶᠤ ᠲᠤᠭᠲᠠᠭᠠᠯ ᠤᠨ ᠠᠭᠤᠯᠭ᠎ᠠ ᠳᠤ᠄ ᠳᠠᠩᠰᠠᠯᠠᠭᠤᠯᠤᠭᠰᠠᠨ ᠬᠦᠷᠦᠩᠭᠡ ᠪᠠᠨ ᠨᠡᠮᠡᠭᠳᠡᠭᠦᠯᠬᠦ / ᠬᠠᠰᠤᠭᠳᠠᠭᠤᠯᠬᠤ ᠲᠤᠭ᠎ᠠ ᠬᠡᠮᠵᠢᠶ᠎ᠡ᠂ ᠡᠯ᠎ᠡ ᠬᠤᠪᠢ ᠤᠷᠤᠭᠤᠯᠤᠭᠴᠢ ᠶᠢᠨ ᠪᠤᠳᠠᠲᠠᠢ ᠡᠭᠦᠷᠭᠡᠯᠡᠭᠰᠡᠨ ᠳᠠᠩᠰᠠᠯᠠᠭᠤᠯᠤᠭᠰᠠᠨ ᠬᠦᠷᠦᠩᠭᠡ ᠪᠠᠨ ᠨᠡᠮᠡᠭᠳᠡᠭᠦᠯᠬᠦ / ᠬᠠᠰᠤᠭᠳᠠᠭᠤᠯᠬᠤ ᠲᠤᠭ᠎ᠠ ᠬᠡᠮᠵᠢᠶ᠎ᠡ᠂ ᠡᠯ᠎ᠡ ᠬᠤᠪᠢ ᠤᠷᠤᠭᠤᠯᠤᠭᠴᠢ ᠶᠢᠨ ᠪᠡᠯᠡ ᠭᠠᠷᠭᠠᠬᠤ ᠠᠷᠭ᠎ᠠ ᠮᠠᠶ᠋ᠢᠭ᠂ ᠪᠡᠯᠡ ᠭᠠᠷᠭᠠᠬᠤ ᠴᠠᠭ ᠬᠤᠭᠤᠴᠠᠭ᠎ᠠ ᠬᠡᠷᠡᠭᠲᠠᠢ ᠪᠦᠭᠡᠳ ᠺᠤᠮᠫᠠᠨᠢ ᠶᠢᠨ ᠳᠦᠷᠢᠮ ᠳᠡᠭᠡᠨ ᠵᠤᠬᠢᠴᠠᠩᠭᠤᠢ ᠵᠠᠰᠠᠪᠤᠷᠢ ᠤᠷᠤᠭᠤᠯᠬᠤ ᠶᠢ ᠪᠠᠭᠲᠠᠭᠠᠬᠤ ᠬᠡᠷᠡᠭᠲᠠᠢ᠃      ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠰᠢᠢᠳᠪᠦᠷᠢ ᠶᠢᠨ ᠠᠭᠤᠯᠭ᠎ᠠ ᠳᠤ᠄      ᠳᠠᠩᠰᠠᠯᠠᠭᠤᠯᠤᠭᠰᠠᠨ ᠬᠦᠷᠦᠩᠭᠡ ᠪᠠᠨ ᠨᠡᠮᠡᠭᠳᠡᠭᠦᠯᠬᠦ / ᠬᠠᠰᠤᠭᠳᠠᠭᠤᠯᠬᠤ ᠲᠤᠭ᠎ᠠ ᠬᠡᠮᠵᠢᠶ᠎ᠡ᠂ ᠳᠠᠩᠰᠠᠯᠠᠭᠤᠯᠤᠭᠰᠠᠨ ᠬᠦᠷᠦᠩᠭᠡ ᠪᠠᠨ ᠨᠡᠮᠡᠭᠳᠡᠭᠦᠯᠬᠦ / ᠬᠠᠰᠤᠭᠳᠠᠭᠤᠯᠬᠤ ᠲᠤᠭ᠎ᠠ ᠬᠡᠮᠵᠢᠶ᠎ᠡ ᠶᠢᠨ ᠪᠤᠳᠠᠲᠠᠢ ᠠᠷᠭ᠎ᠠ ᠮᠠᠶ᠋ᠢᠭ ᠢ ᠪᠠᠭᠳᠠᠭᠠᠬᠤ ᠬᠡᠷᠡᠭᠲᠠᠢ ᠪᠦᠭᠡᠳ ᠺᠤᠮᠫᠠᠨᠢ ᠶᠢᠨ ᠳᠦᠷᠢᠮ ᠳᠡᠭᠡᠨ ᠵᠤᠬᠢᠴᠠᠩᠭᠤᠢ ᠵᠠᠰᠠᠪᠤᠷᠢ ᠤᠷᠤᠭᠤᠯᠬᠤ ᠬᠡᠷᠡᠭᠲᠠᠢ᠃      ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯ ᠭᠤᠷᠪᠠᠨ ᠤ ᠬᠤᠶᠠᠷ ᠠᠴᠠ ᠳᠡᠭᠡᠭᠰᠢᠬᠢ ᠲᠠᠰᠤᠯᠬᠤ ᠡᠷᠭᠡ ᠶᠢ ᠲᠦᠯᠦᠭᠡᠯᠡᠭᠰᠡᠨ ᠬᠤᠪᠢ ᠤᠷᠤᠭᠤᠯᠤᠭᠴᠢ ᠠᠴᠠ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠬᠤᠷᠠᠯ ᠤᠨ ᠰᠢᠢᠳᠪᠦᠷᠢ ᠶᠢ ᠲᠤᠰᠢᠶᠠᠨ᠎ᠠ︔ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠪᠤᠯ ᠬᠤᠷᠠᠯ ᠤᠨ ᠡᠷᠬᠢᠯᠡᠭᠴᠢ ᠬᠢᠭᠡᠳ ᠬᠤᠷᠠᠯ ᠳᠤ ᠤᠷᠤᠯᠴᠠᠭᠰᠠᠨ ᠬᠡᠷᠡᠭ ᠮᠡᠳᠡᠭᠴᠢᠳ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠶᠡᠭᠡ ᠬᠤᠷᠠᠯ ᠤᠨ ᠲᠡᠮᠳᠡᠭᠯᠡᠯ ᠢ ᠲᠤᠰᠢᠶᠠᠨ᠎ᠠ︔ ᠭᠠᠭᠴᠠ ᠬᠦᠮᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯ ᠬᠤᠪᠢ ᠤᠷᠤᠭᠤᠯᠤᠭᠴᠢ ᠭᠠᠷ ᠤᠨ ᠦᠰᠦᠭ ᠵᠢᠷᠤᠭᠰᠠᠨ ᠪᠢᠴᠢᠭᠯᠡᠭᠰᠡᠨ ᠰᠢᠢᠳᠪᠦᠷᠢ ᠶᠢ ᠲᠤᠰᠢᠶᠠᠬᠤ ᠬᠡᠷᠡᠭᠲᠠᠢ︔ ᠤᠯᠤᠰ ᠤᠨ ᠦᠮᠴᠢᠯᠠᠯᠲᠦ ᠲᠤᠰᠠᠭᠠᠷ ᠪᠡᠯᠡ ᠤᠷᠤᠭᠤᠯᠤᠭᠰᠠᠨ ᠺᠤᠮᠫᠠᠨᠢ ᠪᠤᠯ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠤᠶᠤ ᠲᠡᠭᠦᠨ ᠤ ᠡᠷᠬᠡ ᠤᠯᠭᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠭᠰᠡᠨ ᠮᠠᠲ᠋ᠧᠷᠢᠶᠠᠯ ᠢ ᠲᠤᠰᠢᠶᠠᠨ᠎ᠠ᠃     5. ᠵᠠᠰᠠᠪᠤᠷᠢ ᠤᠷᠤᠭᠤᠯᠤᠭᠰᠠᠨ ᠺᠤᠮᠫᠠᠨᠢ ᠶᠢᠨ ᠳᠦᠷᠢᠮ ᠪᠤᠶᠤ ᠺᠤᠮᠫᠠᠨᠢ ᠶᠢᠨ ᠳᠦᠷᠢᠮ ᠳᠡᠭᠡᠨ ᠵᠠᠰᠠᠪᠤᠷᠢ ᠤᠷᠤᠭᠤᠯᠬᠤ ᠲᠦᠰᠦᠯ ︵ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠭᠠᠷ ᠤᠨ ᠦᠰᠦᠭ ᠵᠢᠷᠤᠨ᠎ᠠ︶     6. ᠬᠠᠤᠯᠢ ᠶᠤᠰᠤᠭᠠᠷ ᠪᠠᠶᠢᠭᠤᠯᠤᠭᠰᠠᠨ ᠪᠡᠯᠡ ᠰᠢᠯᠭᠠᠬᠤ ᠪᠠᠶᠢᠭᠤᠯᠤᠮᠵᠢ ᠶᠢᠨ ᠬᠢᠵᠤ ᠦᠭᠭᠦᠭᠰᠡᠨ ᠪᠡᠯᠡ ᠰᠢᠯᠭᠠᠭᠰᠠᠨ ᠬᠡᠷᠡᠴᠢ︔     7. ᠰᠲ᠋ᠤᠺ ᠤᠨ ᠡᠷᠬᠡ ᠪᠠᠷ ᠪᠡᠯᠡ ᠭᠠᠷᠭᠠᠭᠰᠠᠨ ᠪᠤᠯ ︽ᠰᠲ᠋ᠤᠺ ᠤᠨ ᠡᠷᠬᠡ ᠪᠠᠷ ᠭᠠᠷᠭᠠᠬᠤ ᠪᠡᠯᠡ  ᠪᠠᠨ ᠲᠤᠰᠢᠶᠠᠬᠤ ᠠᠮᠠᠯᠳᠠᠭ᠎ᠠ ᠶᠢᠨ ᠪᠢᠴᠢᠭ︾᠎ ᠢ ᠲᠤᠰᠢᠶᠠᠨ᠎ᠠ︔     8. ᠪᠡᠯᠡ ᠤᠷᠤᠭᠤᠯᠤᠭᠰᠠᠨ ᠬᠢᠵᠠᠭᠠᠷᠲᠤ ᠺᠤᠮᠫᠠᠨᠢ ᠳᠠᠩᠰᠠᠯᠠᠭᠤᠯᠤᠭᠰᠠᠨ ᠬᠦᠷᠦᠩᠭᠡ ᠪᠠᠨ ᠴᠤᠭᠯᠠᠭᠤᠯᠬᠤ ᠠᠷᠭ᠎ᠠ ᠮᠠᠶ᠋ᠢᠭ ᠢᠶᠠᠷ ᠨᠡᠮᠡᠭᠳᠡᠭᠦᠯᠬᠦ ᠪᠤᠯ ᠪᠠᠰᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠮᠳᠡᠭᠲᠦ ᠳᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠠᠨ᠎ᠠ︔     9. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠳᠠᠩᠰᠠᠯᠠᠭᠤᠯᠤᠭᠰᠠᠨ ᠬᠦᠷᠦᠩᠭᠡ ᠶᠢ ᠬᠤᠪᠢᠷᠠᠭᠠᠬᠤ ᠳᠤ ᠡᠷᠬᠡᠪᠰᠢ ᠮᠡᠳᠡᠭᠦᠯᠵᠤ ᠵᠦᠪᠰᠢᠶᠡᠷᠡᠭᠦᠯᠬᠦ ᠬᠡᠷᠡᠭᠲᠠᠢ ᠭᠡᠵᠤ ᠲᠤᠭᠲᠠᠭᠠᠭᠰᠠᠨ ᠪᠤᠯ ᠬᠤᠯᠪᠤᠭᠳᠠᠯ ᠪᠦᠬᠦᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠵᠦᠪᠰᠢᠶᠡᠷᠡᠯ ᠤᠨ ᠦᠨᠡᠮᠯᠡᠯ ᠤᠨ ᠪᠠᠭᠤᠯᠭᠠᠪᠤᠷᠢ ᠶᠢ ᠲᠤᠰᠢᠶᠠᠨ᠎ᠠ︔     10. ᠺᠤᠮᠫᠠᠨᠢ ᠳᠠᠩᠰᠠᠯᠠᠭᠤᠯᠤᠭᠰᠠᠨ ᠬᠦᠷᠦᠩᠭᠡ ᠪᠠᠨ ᠬᠠᠰᠤᠭᠳᠠᠭᠤᠯᠬᠤ ᠳᠤ᠂ ᠳᠠᠩᠰᠠᠯᠠᠭᠤᠯᠤᠭᠰᠠᠨ‌‍ᠬᠦ᠋ᠷᠦᠩᠭᠡ ᠪᠦᠷᠢᠳᠭᠡᠬᠦ ᠪᠠᠨ ᠬᠠᠰᠤᠭᠳᠠᠭᠤᠯᠬᠤ ᠲᠤᠬᠠᠢ ᠰᠤᠨᠢᠨ ᠳᠡᠭᠡᠷ᠎ᠡ ᠨᠡᠶᠢᠲᠡᠯᠡᠭᠰᠡᠨ ᠬᠤᠯᠪᠤᠭᠳᠠᠯ ᠪᠦᠬᠦᠢ ᠬᠡᠷᠡᠴᠢ ᠪᠤᠯᠤᠨ ᠺᠤᠮᠫᠠᠨᠢ ᠶᠢᠨ ᠦᠷᠢ ᠦᠭᠴᠡᠭᠡ ᠪᠠᠨ ᠪᠦᠬᠦᠨ ᠢ ᠲᠦᠯᠦᠭᠰᠡᠨ ᠪᠤᠶᠤ ᠦᠷᠢ ᠦᠭᠴᠡᠭᠡ ᠶᠢ ᠳᠠᠭᠠᠭᠠᠯᠲᠠ ᠬᠢᠭᠰᠡᠨ ᠪᠠᠶᠢᠳᠠᠯ ᠤᠨ ᠲᠤᠲᠤᠷᠬᠠᠶᠢᠯᠠᠯᠲᠠ ᠶᠢ ᠲᠤᠰᠢᠶᠠᠨ᠎ᠠ᠃     11. ᠺᠤᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ᠃     ᠲᠤᠲᠤᠷᠬᠠᠶᠢᠯᠠᠯᠲᠠ᠄     1. ︽ᠺᠤᠮᠫᠠᠨᠢ ᠶᠢᠨ ᠬᠠᠤᠯᠢ︾᠂ ︽ᠺᠤᠮᠫᠠᠨᠢ ᠪᠦᠷᠢᠳᠭᠡᠭᠦᠯᠬᠦ ᠬᠠᠮᠢᠶᠠᠷᠤᠯᠲᠠ ᠶᠢᠨ ᠳᠦᠷᠢᠮ︾᠎ ᠤᠨ ᠶᠤᠰᠤᠭᠠᠷ ᠪᠠᠶᠢᠭᠤᠯᠤᠭᠰᠠᠨ ᠺᠤᠮᠫᠠᠨᠢ ᠳᠠᠩᠰᠠᠯᠠᠭᠤᠯᠤᠭᠰᠠᠨ ᠬᠦᠷᠦᠩᠭᠡ ᠪᠠᠨ ᠬᠤᠪᠢᠷᠠᠭᠠᠬᠤ ᠪᠠᠷ ᠭᠤᠶᠤᠴᠢᠯᠠᠬᠤ ᠳᠤ ᠲᠤᠰ ᠵᠢᠷᠤᠮᠵᠢᠯ ᠲᠤᠬᠢᠷᠠᠨ᠎ᠠ᠃     2. ᠺᠤᠮᠫᠠᠨᠢ ᠳᠠᠩᠰᠠᠯᠠᠭᠤᠯᠤᠭᠰᠠᠨ ᠬᠦᠷᠦᠩᠭᠡ ᠪᠠᠨ ᠬᠠᠰᠤᠭᠳᠠᠭᠤᠯᠬᠤ ᠳᠤ᠂ ᠵᠠᠷᠯᠠᠭᠰᠠᠨ ᠡᠳᠦᠷ ᠠᠴᠠ ᠡᠬᠢᠯᠡᠨ 45 ᠡᠳᠦᠷ ᠤᠨ ᠳᠠᠷᠠᠭ᠎ᠠ ᠪᠦᠷᠢᠳᠭᠡᠭᠦᠯᠦᠭᠰᠡᠨ ᠢᠶᠠᠨ ᠬᠤᠪᠢᠷᠠᠭᠠᠬᠤ ᠪᠠᠷ ᠭᠤᠶᠤᠴᠢᠯᠠᠬᠤ ᠬᠡᠷᠡᠭᠲᠠᠢ᠃ ᠺᠤᠮᠫᠠᠨᠢ ᠶᠢᠨ ᠪᠦᠬᠦ ᠬᠤᠪᠢ ᠤᠷᠤᠭᠤᠯᠤᠭᠴᠢ ᠪᠤᠶᠤ ᠡᠭᠦᠰᠭᠡᠭᠴᠢ ᠭᠠᠷᠭᠠᠬᠤ ᠪᠡᠯᠡ ᠪᠠᠨ ᠬᠦᠢᠴᠡᠳ ᠲᠤᠭ᠎ᠠ ᠪᠠᠷ ᠪᠡᠯᠡ ᠲᠤᠰᠢᠶᠠᠭᠰᠠᠨ ᠪᠠ ᠬᠤᠪᠢ ᠤᠷᠤᠭᠤᠯᠤᠭᠰᠠᠨ ᠵᠤᠭᠤᠰ ᠢᠶᠠᠨ ᠲᠤᠰᠢᠶᠠᠭᠰᠠᠨ ᠤ ᠳᠠᠷᠠᠭ᠎ᠠ᠂ ᠺᠤᠮᠫᠠᠨᠢ ᠨᠢ ᠳᠠᠩᠰᠠᠯᠠᠭᠤᠯᠤᠭᠰᠠᠨ ᠬᠦᠷᠦᠩᠭᠡ ᠪᠠᠨ ᠬᠠᠰᠤᠭᠳᠠᠭᠤᠯᠬᠤ ᠪᠠᠷ ᠭᠤᠶᠤᠴᠢᠯᠠᠵᠤ᠂ ᠪᠤᠳᠠᠲᠠᠢ ᠬᠤᠷᠢᠶᠠᠭᠰᠠᠨ ᠬᠦᠷᠦᠩᠭᠡ ᠶᠢ ᠬᠠᠰᠤᠭᠳᠠᠭᠤᠯᠬᠤ ᠶᠢ ᠵᠡᠷᠭᠡ ᠳᠤᠨᠢ ᠬᠦᠢᠴᠡᠳᠭᠡᠬᠦ ᠬᠡᠷᠡᠭᠲᠠᠢ᠃     3. ︽ᠺᠤᠮᠫᠠᠨᠢ ᠪᠦᠷᠢᠳᠬᠡᠭᠦᠯᠦᠭᠰᠡᠨ ᠳᠠᠩᠰᠠᠯᠠᠭᠤᠯᠬᠤ ᠶᠠᠪᠤᠳᠠᠯ ᠢ ᠪᠠᠨ ᠬᠤᠪᠢᠷᠠᠭᠠᠬᠤ ᠭᠤᠶᠤᠴᠢᠯᠠᠯ ᠤᠨ ᠪᠢᠴᠢᠭ︾᠂ ︽ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠦᠷᠢᠳᠭᠡᠭᠦᠯᠦᠭᠰᠡᠨ ᠢᠶᠠᠨ ᠬᠤᠪᠢᠷᠠᠭᠠᠬᠤ ᠳᠠᠭᠠᠯᠳᠤᠭᠤᠯᠤᠯ ᠬᠦᠰᠦᠨᠦᠭᠲᠦ — ᠬᠤᠪᠢ ᠤᠷᠤᠭᠤᠯᠤᠭᠴᠢ ᠶᠢᠨ ᠪᠡᠯᠡ ᠭᠠᠷᠭᠠᠭᠰᠠᠨ ᠮᠡᠳᠡᠭᠡ ᠵᠠᠩᠬᠢ︾᠂ ︽ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠪᠠᠷ ᠨᠠᠶᠢᠳᠠᠭᠰᠠᠨ ᠤᠷᠤᠯᠠᠨ ᠭᠦᠢᠴᠡᠳᠭᠡᠭᠴᠢ ᠶᠢᠨ ᠬᠡᠷᠡᠴᠢ︾᠂ ︽ᠺᠤᠮᠫᠠᠨᠢ ᠪᠦᠷᠢᠳᠭᠡᠭᠦᠯᠬᠦ ᠳᠠᠭᠠᠯᠳᠤᠭᠤᠯᠤᠯ ᠬᠦᠰᠦᠨᠦᠭᠲᠦ — — ᠭᠠᠷᠭᠠᠬᠤ ᠪᠡᠯᠡ ᠪᠠᠨ ᠰᠲ᠋ᠤᠺ ᠤᠨ ᠡᠷᠬᠡ ᠪᠠᠷ ᠲᠤᠰᠢᠶᠠᠬᠤ ᠠᠮᠠᠯᠳᠠᠭ᠎ᠠ ᠶᠢᠨ ᠪᠢᠴᠢᠭ︾᠎ ᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠪᠦᠷᠢᠳᠭᠡᠬᠦ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠠᠪᠴᠤ ᠪᠤᠯᠤᠨ᠎ᠠ᠃     4. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠢᠶᠠᠨ A4 ᠴᠠᠭᠠᠰᠤ  ᠪᠠᠷ ᠲᠤᠰᠢᠶᠠᠬᠤ ᠬᠡᠷᠡᠭᠲᠠᠢ᠃     ᠳᠡᠭᠡᠷᠡᠬᠢ ᠵᠦᠢᠯ ᠤᠳ ᠤᠨ ᠪᠠᠭᠤᠯᠭᠠᠪᠤᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠳᠤᠨᠢ ᠤᠭ ᠵᠦᠢᠯ ᠢ ᠲᠤᠰᠢᠶᠠᠬᠤ ᠬᠡᠷᠡᠭᠲᠠᠢ︔ ᠪᠠᠭᠤᠯᠭᠠᠪᠤᠷᠢ ᠲᠤᠰᠢᠶᠠᠬᠤ ᠪᠤᠯ ︽ᠤᠭ ᠵᠦᠢᠯ ᠯᠦᠭᠡ ᠪᠠᠨ ᠨᠢᠭᠡᠳᠦᠯᠲᠠᠢ︾ ᠬᠡᠵᠦ ᠲᠤᠲᠤᠷᠬᠠᠶᠢᠯᠠᠬᠤ ᠶᠢᠨ ᠬᠠᠮᠲᠤ ᠺᠤᠮᠫᠠᠨᠢ ᠠᠴᠠ ᠭᠠᠷ ᠤᠨ ᠦᠰᠦᠭ ᠵᠢᠷᠤᠬᠤ ᠬᠡᠷᠡᠭᠲᠠᠢ᠂ ᠡᠰᠡᠭᠦᠯ᠎ᠡ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠨ ᠬᠦᠢᠴᠡᠳᠭᠡᠭᠴᠢ ᠠᠴᠠ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠬᠤ ᠬᠡᠷᠡᠭᠲᠠᠢ᠃  5. ᠳᠡᠭᠡᠷᠡᠬᠢ ᠵᠦᠢᠯ ᠤᠳ ᠤᠨ ᠬᠤᠪᠢ ᠤᠷᠤᠭᠤᠯᠤᠭᠴᠢ ᠭᠠᠷ ᠤᠨ ᠦᠰᠦᠭ ᠵᠢᠷᠤᠬᠤ ᠲᠠᠢ ᠬᠤᠯᠪᠤᠭᠳᠠᠬᠤ ᠳᠤᠨᠢ ᠪᠠᠶᠢᠭᠠᠯᠢ ᠬᠦᠮᠦᠨ ᠬᠤᠪᠢ ᠤᠷᠤᠭᠤᠯᠤᠭᠴᠢ ᠦᠪᠡᠷ ᠢᠶᠠᠨ ᠭᠠᠷ ᠤᠨ ᠦᠰᠦᠭ ᠵᠢᠷᠤᠨ᠎ᠠ︔ ᠪᠠᠶᠢᠭᠠᠯᠢ ᠬᠦᠮᠦᠨ ᠠᠴᠠ ᠭᠠᠳᠠᠨᠠᠬᠢ ᠳᠤᠨᠢ ᠬᠤᠪᠢ ᠤᠷᠤᠭᠤᠯᠤᠭᠴᠢ ᠠᠯᠪᠠᠨ ᠲᠠᠮᠠᠭ᠎ᠠ ᠪᠠᠨ ᠳᠠᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1