ᠡᠵᠡᠩᠨᠡᠯᠲᠡ ᠶᠢᠨ ᠬᠡᠪᠴᠢᠶᠠᠨ ᠤ ᠪᠦᠷᠢᠳᠬᠡᠯ ᠢᠶᠠᠨ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
      1. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠣᠭᠰᠠᠨ ︽ᠺᠣᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾ ︵ᠺᠣᠮᠫᠠᠨᠢ ᠠᠯᠪᠠᠨ ᠲᠠᠮᠠᠭ᠎ᠠ ᠪᠠᠨ ᠳᠠᠷᠣᠨ᠎ᠠ︶︔    2. ᠺᠣᠮᠫᠠᠨᠢ ᠶᠢᠨ ᠭᠠᠷ ᠤᠨ ᠦᠰᠦᠭ ᠵᠢᠷᠣᠭᠰᠠᠨ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾ ︵ᠺᠣᠮᠫᠠᠨᠢ ᠠᠯᠪᠠᠨ ᠲᠠᠮᠠᠭ᠎ᠠ ᠪᠠᠨ ᠳᠠᠷᠣᠨ᠎ᠠ︶ ᠵᠢᠴᠢ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃     3. ᠺᠣᠮᠫᠠᠨᠢ ᠶᠢᠨ ᠳᠦᠷᠢᠮ ᠳᠤ ᠵᠠᠰᠠᠪᠤᠷᠢ ᠤᠷᠤᠭᠤᠯᠬᠤ ᠲᠣᠬᠠᠢ ᠰᠢᠢᠳᠪᠦᠷᠢ᠂ ᠲᠣᠭᠲᠠᠭᠠᠯ︔ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯ ᠭᠤᠷᠪᠠᠨ ᠤ ᠬᠤᠶᠠᠷ ᠠᠴᠠ ᠳᠡᠭᠡᠭᠰᠢᠬᠢ ᠪᠠᠳᠤᠯᠠᠬᠤ ᠡᠷᠭᠡ ᠲᠠᠢ ᠬᠤᠪᠢ ᠤᠷᠤᠭᠤᠯᠤᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠬᠤᠷᠠᠯ ᠤᠨ ᠰᠢᠢᠳᠪᠦᠷᠢ ᠶᠢ ᠲᠤᠰᠢᠶᠠᠨ᠎ᠠ︔ ᠬᠤᠪᠢ ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠪᠤᠯ ᠬᠤᠷᠠᠯ ᠡᠷᠬᠢᠯᠡᠭᠴᠢ ᠬᠢᠭᠡᠳ ᠬᠤᠷᠠᠯ ᠳᠤ ᠤᠷᠤᠯᠴᠠᠭᠰᠠᠨ ᠬᠡᠷᠡᠭ ᠮᠡᠳᠡᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠶᠡᠭᠡ ᠬᠤᠷᠠᠯ ᠤᠨ ᠲᠡᠮᠳᠡᠭᠯᠡᠯ ᠢ ᠲᠤᠰᠢᠶᠠᠨ᠎ᠠ︔ ᠭᠠᠭᠴᠠ ᠬᠦᠮᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠪᠢᠴᠢᠭ ᠤᠨ ᠲᠤᠭᠳᠠᠭᠠᠯ ᠢ ᠲᠤᠰᠢᠶᠠᠬᠤ ᠬᠡᠷᠡᠭᠲᠠᠢ︔ ᠤᠯᠤᠰ ᠤᠨ ᠦᠮᠴᠢᠯᠠᠯᠲᠦ ᠲᠤᠰᠠᠭᠠᠷ ᠪᠡᠯᠡᠳᠤ ᠺᠤᠮᠫᠠᠨᠢ ᠪᠤᠯ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠤᠶᠤ ᠲᠡᠭᠦᠨ ᠤ ᠡᠷᠬᠡ ᠤᠯᠭᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠠᠨ᠎ᠠ᠃    4. ᠵᠠᠰᠠᠪᠤᠷᠢ ᠤᠷᠤᠭᠤᠯᠤᠭᠰᠠᠨ ᠺᠤᠮᠫᠠᠨᠢ ᠶᠢᠨ ᠳᠦᠷᠢᠮ ᠪᠤᠶᠤ ᠺᠤᠮᠫᠠᠨᠢ ᠶᠢᠨ ᠳᠦᠷᠢᠮ ᠳᠡᠭᠡᠨ ᠵᠠᠰᠠᠪᠤᠷᠢ ᠤᠷᠤᠭᠤᠯᠬᠤ ᠲᠦᠰᠦᠯ ︵ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠭᠠᠷ ᠤᠨ ᠦᠰᠦᠭ ᠵᠢᠷᠤᠨ᠎ᠠ︶     5. ᠺᠣᠮᠫᠠᠨᠢ ᠶᠢᠨ ᠪᠦᠷᠢᠳᠭᠡᠯᠭᠡᠬᠦ ᠪᠠᠷ ᠭᠤᠶᠤᠴᠢᠯᠠᠭᠰᠠᠨ ᠡᠵᠡᠩᠨᠡᠯᠲᠡ ᠶᠢᠨ ᠬᠡᠪᠴᠢᠶᠡᠨ ᠳᠤᠳᠤᠷ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠪᠦᠷᠢᠳᠭᠡᠯᠭᠡᠬᠦ ᠠᠴᠠ ᠡᠮᠦᠨ᠎ᠡ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠲᠦᠷᠦᠯ ᠵᠦᠢᠯ ᠪᠠᠶᠢᠪᠠᠯ᠂ ᠬᠤᠯᠪᠣᠭᠳᠠᠯ ᠪᠦᠬᠦᠢ ᠵᠦᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠪᠤᠶᠤ ᠵᠥᠪᠰᠢᠶᠡᠷᠡᠯ ᠤᠨ ᠬᠡᠷᠡᠴᠢ ᠶᠢ ᠲᠤᠰᠢᠶᠠᠨ᠎ᠠ︔ ᠬᠢᠨᠠᠨ ᠵᠥᠪᠰᠢᠶᠡᠷᠡᠬᠦ ᠪᠠᠶᠢᠭᠤᠯᠭ᠎ᠠ ᠬᠤᠪᠢᠶᠠᠷᠢ ᠺᠣᠮᠫᠠᠨᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠡᠵᠡᠩᠨᠡᠯᠲᠡ ᠶᠢᠨ ᠲᠦᠷᠦᠯ ᠵᠦᠢᠯ ᠢ ᠠᠰ ᠲᠤᠨᠢ ᠵᠥᠪᠰᠢᠶᠡᠷᠡᠭᠰᠡᠨ ᠪᠣᠯ᠂ ᠺᠣᠮᠫᠠᠨᠢ ᠨᠢ ᠬᠤᠪᠢᠶᠠᠷᠢ ᠺᠤᠮᠫᠠᠨᠢ ᠶᠢᠨ ᠡᠵᠡᠩᠨᠡᠯᠲᠡ ᠶᠢᠨ ᠲᠦᠷᠦᠯ ᠵᠦᠢᠯ ᠢ ᠵᠥᠪᠰᠢᠶᠡᠷᠡᠭᠰᠡᠨ ᠵᠥᠪᠰᠢᠶᠡᠷᠡᠯ ᠤᠨ ᠪᠢᠴᠢᠭ ᠮᠠᠲ᠋ᠧᠷᠢᠶᠠᠯ᠂ ᠦᠨᠡᠮᠯᠡᠯ ᠢᠶᠠᠷ ᠬᠠᠷᠢᠴᠠᠩᠭᠤᠢ ᠡᠵᠡᠩᠨᠡᠯᠲᠡ ᠶᠢᠨ ᠬᠡᠪᠴᠢᠶ᠎ᠡ ᠪᠠᠨ ᠨᠡᠮᠡᠭᠳᠡᠬᠦᠯᠬᠦ ᠪᠠᠷ ᠭᠤᠶᠤᠴᠢᠯᠠᠵᠤ ᠪᠣᠯᠣᠨ᠎ᠠ᠂ ᠭᠡᠬᠦ ᠳᠡᠭᠡᠨ᠂ ᠡᠵᠡᠩᠨᠡᠯᠲᠡ ᠶᠢᠨ ᠬᠡᠪᠴᠢᠶ᠎ᠡ ᠶᠢ ᠨᠡᠮᠡᠭᠳᠡᠭᠦᠯᠬᠦ ᠭᠤᠶᠤᠴᠢᠯᠠᠯ ᠤᠨ ᠠᠷᠤ ᠳᠤᠨᠢ ︽︵XX ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠪᠠᠷ ᠬᠢᠵᠠᠭᠠᠷᠯᠠᠨ᠎ᠠ ︶︾ ᠭᠡᠰᠡᠨ ᠦᠰᠦᠭ ᠢᠶᠠᠷ ᠲᠤᠳᠤᠷᠬᠠᠶᠢᠯᠠᠨ᠎ᠠ᠃     6. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠤᠭᠳᠠᠭᠠᠯ ᠳᠤ ᠡᠵᠡᠩᠨᠡᠯᠲᠡ ᠶᠢᠨ ᠬᠡᠪᠴᠢᠶ᠎ᠡ ᠪᠠᠨ ᠬᠤᠪᠢᠷᠠᠭᠤᠯᠬᠤ ᠳᠤ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠠᠢ ᠭᠡᠵᠦ ᠲᠣᠭᠲᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠵᠦᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔    7. ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ᠃      ᠲᠤᠲᠤᠷᠬᠠᠶᠢᠯᠠᠯᠲᠠ᠄     1. ︽ᠺᠤᠮᠫᠠᠨᠢ ᠶᠢᠨ ᠬᠠᠤᠯᠢ︾᠂ ︽ᠺᠤᠮᠫᠠᠨᠢ ᠶᠢᠨ ᠪᠦᠷᠢᠳᠬᠡᠯ ᠤᠨ ᠬᠠᠮᠢᠶᠠᠷᠤᠯᠲᠠ ᠶᠢᠨ ᠳᠦᠷᠢᠮ︾᠎ ᠤᠨ ᠶᠤᠰᠤᠭᠠᠷ ᠪᠠᠶᠢᠭᠤᠯᠤᠭᠰᠠᠨ ᠺᠤᠮᠫᠠᠨᠢ ᠡᠵᠡᠩᠨᠡᠯᠲᠡ ᠶᠢᠨ ᠬᠡᠪᠴᠢᠶ᠎ᠡ ᠪᠠᠨ ᠬᠤᠪᠢᠷᠠᠭᠤᠯᠤᠨ ᠪᠦᠷᠢᠳᠭᠡᠯᠭᠡᠬᠦ ᠪᠠᠷ ᠭᠤᠶᠤᠴᠢᠯᠠᠬᠤ ᠳᠤ ᠲᠤᠰ ᠵᠢᠷᠤᠮᠵᠢᠯ ᠳᠣᠬᠢᠷᠠᠨ᠎ᠠ᠃      2. ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠎ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠤᠴᠢᠨ ᠠᠪᠴᠤ ᠪᠤᠯᠤᠨ᠎ᠠ᠃      3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠠᠭᠠᠨ A4 ᠴᠠᠭᠠᠰᠤ ᠶᠢ ᠬᠡᠷᠡᠭᠯᠡᠨ᠎ᠡ᠃ ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠶᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ ᠲᠤᠲᠤᠷᠬᠠᠶᠢᠯᠠᠬᠤ ᠶᠢᠨ ᠬᠠᠮᠲᠤ ᠺᠣᠮᠫᠠᠨᠢ ᠭᠠᠷ ᠤᠨ ᠦᠰᠦᠭ ᠵᠢᠷᠤᠬᠤ ᠡᠰᠡᠭᠦᠯ᠎ᠡ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠨ᠎ᠠ᠃      4. ᠳᠡᠭᠡᠷᠡᠬᠢ ᠵᠦᠢᠯ ᠤᠳ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠬᠤ ᠲᠠᠢ ᠬᠤᠯᠪᠤᠭᠳᠠᠪᠠᠯ᠂ ᠬᠤᠪᠢ ᠤᠷᠤᠭᠤᠯᠤᠭᠴᠢ ᠨᠢ ᠪᠠᠶᠢᠭᠠᠯᠢᠯᠢᠭ ᠬᠦᠮᠦᠨ ᠪᠤᠯ ᠦᠪᠡᠷ ᠢᠶᠠᠨ ᠭᠠᠷ ᠤᠨ ᠦᠰᠦᠭ ᠵᠢᠷᠤᠨ᠎ᠠ︔ ᠪᠠᠶᠢᠭᠠᠯᠢᠯᠢᠭ ᠬᠦᠮᠦᠨ ᠠᠴᠠ ᠭᠠᠳᠠᠨᠠᠬᠢ ᠬᠤᠪᠢ ᠤᠷᠤᠭᠤᠯᠤᠭᠴᠢ ᠪᠤᠯ ᠠᠯᠪᠠᠨ ᠲᠠᠮᠠᠭ᠎ᠠ ᠳᠠᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1