ᠤᠷᠢᠳᠠᠪᠡᠷ ᠬᠢᠨᠠᠨ ᠵᠦᠪᠰᠢᠶᠡᠷᠡᠭᠦᠯᠥᠭᠰᠡᠨ ᠠᠵᠤ ᠠᠬᠤᠶᠢᠯᠠᠯ ᠤᠨ ᠨᠡᠷᠡᠶᠢᠳᠦᠯ ᠤᠨ ᠬᠤᠭᠤᠴᠠᠭ᠎ᠠ ᠤᠷᠲᠤᠳᠬᠠᠬᠤ ᠭᠤᠶᠤᠴᠢᠯᠠᠯ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
         1. ᠪᠦᠬᠦ ᠪᠡᠯᠡ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ︽ᠤᠷᠢᠳᠠᠪᠡᠷ ᠬᠢᠨᠠᠨ ᠵᠦᠪᠰᠢᠶᠡᠷᠡᠭᠦᠯᠥᠭᠰᠡᠨ ᠠᠵᠤ ᠠᠬᠤᠶᠢᠯᠠᠯ ᠤᠨ ᠨᠡᠷᠡᠶᠢᠳᠦᠯ ᠤᠨ ᠬᠤᠭᠤᠴᠠᠭ᠎ᠠ ᠤᠷᠲᠤᠳᠬᠠᠬᠤ ᠭᠤᠶᠤᠴᠢᠯᠠᠯ ᠤᠨ ᠪᠢᠴᠢᠭ︾︔     2. ᠪᠦᠬᠦ ᠪᠡᠯᠡ ᠤᠷᠤᠭᠤᠯᠤᠭᠴᠢ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾ ᠬᠢᠭᠡᠳ ᠵᠢᠭᠠᠨ ᠲᠣᠭᠲᠠᠭᠠᠭᠰᠠᠨ ᠤᠷᠤᠯᠠᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠥᠷᠢ︔ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠦᠢᠴᠡᠳᠭᠡᠬᠦ ᠵᠦᠢᠯᠡᠰ᠂ ᠡᠷᠬᠡ ᠮᠡᠳᠡᠯ᠂ ᠤᠯᠭᠤᠭᠰᠠᠨ ᠡᠷᠭᠡ ᠶᠢᠨ ᠬᠤᠭᠤᠴᠠᠭ᠎ᠠ ᠶᠢ ᠲᠤᠲᠤᠷᠬᠠᠶᠢᠯᠠᠬᠤ ᠬᠡᠷᠡᠭᠲᠠᠢ᠃      3. ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾     ᠲᠤᠲᠤᠷᠬᠠᠶᠢᠯᠠᠬᠤ ᠨᠢ᠄ 1. ᠪᠡᠯᠡ ᠤᠷᠤᠭᠤᠯᠤᠭᠴᠢ ᠵᠦᠢ ᠶᠣᠰᠤᠨ ᠤ ᠰᠢᠯᠲᠠᠭᠠᠨ ᠲᠠᠢ ᠪᠣᠯ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠭᠦᠯᠥᠭᠰᠡᠨ ᠮᠡᠳᠡᠭᠳᠡᠯ ᠤᠨ ᠪᠢᠴᠢᠭ︾᠎ ᠤᠨ ᠬᠦᠴᠥᠨ ᠪᠦᠬᠦᠢ ᠬᠤᠭᠤᠴᠠᠭ᠎ᠠ ᠶᠢ ᠭᠤᠶᠤᠴᠢᠯᠠᠭᠠᠳ ᠨᠢᠭᠡ ᠤᠳᠠᠭ᠎ᠠ ︵ᠵᠢᠷᠭᠤᠭᠠᠨ ᠰᠠᠷ᠎ᠠ︶ ᠤᠷᠲᠤᠳᠬᠠᠵᠦ ᠪᠣᠯᠤᠨ᠎ᠠ᠂ ᠬᠤᠭᠤᠴᠠᠭ᠎ᠠ ᠤᠷᠲᠤᠳᠬᠠᠭᠠᠯᠭᠠᠭᠰᠠᠨ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾᠎ ᠢ ᠳᠠᠬᠢᠨ ᠬᠤᠭᠤᠴᠠᠭ᠎ᠠ ᠤᠷᠲᠤᠳᠬᠠᠯᠭᠠᠬᠤ ᠪᠠᠷ ᠭᠤᠶᠤᠴᠢᠯᠠᠵᠤ ᠪᠤᠯᠬᠤ ᠦᠭᠡᠢ᠃      ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾ ᠎ ᠤᠨ ᠬᠤᠭᠤᠴᠠᠭ᠎ᠠ ᠤᠷᠲᠤᠳᠬᠠᠬᠤ ᠶᠢ ᠬᠦᠴᠥᠨ ᠪᠦᠬᠦᠢ ᠬᠤᠭᠤᠴᠠᠭ᠎ᠠ ᠨᠢ ᠳᠦᠭᠦᠷᠬᠦ ᠠᠴᠠ ᠨᠢᠭᠡ ᠰᠠᠷ᠎ᠠ ᠶᠢᠨ ᠡᠮᠥᠨ᠎ᠡ ᠭᠤᠶᠤᠴᠢᠯᠠᠨ ᠬᠦᠢᠴᠡᠳᠭᠡᠵᠤ᠂ ᠬᠤᠭᠤᠴᠠᠭ᠎ᠠ ᠤᠷᠲᠤᠳᠬᠠᠬᠤ ᠪᠠᠷ ᠭᠤᠶᠤᠴᠢᠯᠠᠬᠰᠠᠨ ᠦᠶ᠎ᠡ ᠳᠤ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾᠎ ᠢ ᠲᠤᠰᠢᠶᠠᠯᠭᠠᠭᠬᠤ ᠬᠡᠷᠡᠭᠲᠡᠢ᠃ ᠪᠡᠯᠡ ᠤᠷᠤᠭᠤᠯᠤᠭᠴᠢ ᠬᠢᠭᠡᠳ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾᠎ ᠲᠤ ᠲᠡᠮᠳᠡᠭᠯᠡᠭᠰᠡᠨ ᠨᠢ ᠠᠳᠠᠯᠢ ᠦᠭᠡᠢ ᠪᠣᠯ ᠠᠵᠤ ᠠᠬᠤᠶᠢᠯᠠᠯ ᠤᠨ ᠨᠡᠷᠡᠶᠢᠳᠦᠯ ᠢ ᠤᠷᠢᠳᠠᠪᠡᠷ ᠬᠢᠨᠠᠨ ᠵᠦᠪᠰᠢᠶᠡᠷᠡᠬᠦᠯᠬᠦ ᠶᠢ ᠠᠰ ᠲᠤᠨᠢ ᠭᠤᠶᠤᠴᠢᠯᠠᠬᠤ ᠬᠡᠷᠡᠭᠲᠡᠢ᠃       2. ︽ᠤᠷᠢᠳᠠᠪᠡᠷ ᠬᠢᠨᠠᠨ ᠵᠦᠪᠰᠢᠶᠡᠷᠡᠭᠦᠯᠥᠭᠰᠡᠨ ᠠᠵᠤ ᠠᠬᠤᠶᠢᠯᠠᠯ ᠤᠨ ᠨᠡᠷᠡᠶᠢᠳᠦᠯ ᠤᠨ ᠬᠤᠭᠤᠴᠠᠭ᠎ᠠ ᠤᠷᠲᠤᠳᠬᠠᠬᠤ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾᠎ ᠶᠢ ᠤᠯᠤᠰ ᠤᠨ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠪᠦᠷᠢᠳᠭᠡᠬᠦ ᠰᠦᠯᠵᠢᠶ᠎ᠠ︾ ︵http://qyj.saic.gov.cn︶᠎ ᠪᠠᠷ ᠳᠠᠮᠵᠢᠭᠤᠯᠤᠨ ᠲᠠᠲᠠᠬᠤ ᠪᠤᠶᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠠᠪᠴᠦ ᠪᠣᠯᠤᠨ᠎ᠠ᠃      3. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4᠎ ᠶᠢᠨ ᠴᠠᠭᠠᠰᠤ ᠶᠢ ᠬᠡᠷᠡᠭᠯᠡᠬᠦ ᠬᠡᠷᠡᠭᠲᠡᠢ᠃ ᠳᠡᠭᠡᠷᠡᠬᠢ ᠵᠦᠢᠯ ᠤᠳ ᠤᠨ ᠬᠠᠭᠤᠯᠪᠥᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠳᠤᠨᠢ ᠤᠭ ᠵᠦᠢᠯ ᠢ ᠲᠤᠰᠢᠶᠠᠬᠤ ᠬᠡᠷᠡᠭᠲᠠᠢ︔     4. ᠳᠡᠭᠡᠷᠡᠬᠢ ᠵᠦᠢᠯ ᠤᠳ ᠤᠨ ᠪᠡᠯᠡ ᠤᠷᠤᠭᠤᠯᠤᠭᠴᠢ ᠭᠠᠷ ᠤᠨ ᠦᠰᠦᠭ ᠵᠢᠷᠤᠬᠤ ᠴᠢᠬᠤᠯᠠᠲᠠᠢ  ᠳᠤᠨᠢ᠂ ᠪᠠᠶᠢᠭᠠᠯᠢ ᠬᠦᠮᠦᠨ ᠪᠡᠯᠡ ᠤᠷᠤᠭᠤᠯᠤᠭᠰᠠᠨ ᠪᠣᠯ ᠲᠤᠰ ᠬᠦᠮᠥᠨ ᠨᠢ ᠭᠠᠷ ᠤᠨ ᠦᠰᠦᠭ ᠵᠢᠷᠤᠨ᠎ᠠ︔ ᠪᠠᠶᠢᠭᠠᠯᠢ ᠬᠦᠮᠦᠨ ᠠᠴᠠ ᠪᠤᠰᠤᠳ ᠪᠠᠶᠢᠪᠠᠯ ᠪᠡᠯᠡ ᠤᠷᠤᠭᠤᠯᠤᠭᠴᠢ ᠠᠯᠪᠠᠨ ᠲᠠᠮᠠᠭ᠎ᠠ ᠳᠠᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1