ᠪᠦᠷᠢᠳᠭᠡᠯ ᠢᠶᠠᠨ ᠬᠤᠪᠢᠷᠠᠭᠤᠯᠬᠤ ᠶᠢ ᠬᠦᠴᠤᠨ ᠦᠬᠡᠢ ᠪᠤᠯᠭᠠᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
    1᠂ ᠺᠤᠮᠫᠠᠨᠢ ᠶᠢᠨ ᠬᠠᠤᠯᠢ ᠪᠠᠷ ᠲᠤᠭᠳᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠶᠢ ᠬᠦᠴᠤᠨ ᠦᠬᠡᠢ ᠪᠤᠯᠭᠠᠬᠤ ᠭᠤᠶᠤᠴᠢᠯᠠᠯ ᠤᠨ ᠪᠢᠴᠢᠭ︾ ︵ᠺᠤᠮᠫᠠᠨᠢ ᠠᠯᠪᠠᠨ ᠳᠠᠮᠠᠭ᠎ᠠ ᠪᠠᠨ ᠳᠠᠷᠤᠨ᠎ᠠ︶︔    2᠂ ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢᠯᠡᠯ︾ ︵ᠺᠤᠮᠫᠠᠨᠢ ᠠᠯᠪᠠᠨ ᠳᠠᠮᠠᠭ᠎ᠠ ᠳᠠᠷᠤᠨ᠎ᠠ︶ ᠵᠢᠴᠢ ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔    ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠭᠦᠢᠴᠡᠳᠭᠡᠬᠦ ᠬᠡᠷᠡᠭ ᠶᠠᠪᠤᠳᠠᠯ᠂ ᠡᠷᠬᠡ ᠮᠡᠳᠡᠯ᠂ ᠤᠯᠭᠤᠭᠰᠠᠨ ᠡᠷᠬᠡ ᠶᠢᠨ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃    3᠂ ᠠᠷᠠᠳ ᠤᠨ ᠰᠢᠭᠦᠬᠦ ᠬᠤᠷᠢᠶ᠎ᠠ ᠶᠢᠨ ᠰᠢᠭᠦᠨ ᠳᠠᠰᠤᠯᠤᠭᠰᠠᠨ ᠪᠢᠴᠢᠭ︔    4᠂ ᠺᠣᠮᠫᠠᠨᠢ ᠶᠢᠨ ︽ᠠᠵᠤ ᠠᠬᠤᠶᠢᠯᠠᠯ ᠤᠨ ᠬᠠᠦᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ︾᠎ ᠤᠨ ᠳᠡᠳ᠋ ᠳᠡᠪᠲᠡᠷ᠃    ᠲᠤᠳᠤᠷᠬᠠᠶᠢᠯᠠᠯᠳᠠ᠄     1᠂ ︽ᠺᠤᠮᠫᠠᠨᠢ ᠶᠢᠨ ᠬᠠᠤᠯᠢ︾᠂ ︽ᠺᠤᠮᠫᠠᠨᠢ ᠶᠢᠨ ᠪᠦᠷᠢᠳᠭᠡᠯ ᠤᠨ ᠬᠠᠮᠢᠶᠠᠷᠤᠯᠳᠠ ᠶᠢᠨ ᠲᠦᠷᠢᠮ︾᠎ ᠢ ᠵᠢᠷᠤᠮᠯᠠᠨ ᠪᠠᠶᠢᠭᠤᠯᠤᠭᠰᠠᠨ ᠺᠤᠮᠫᠠᠨᠢ ᠠᠷᠠᠳ ᠤᠨ ᠰᠢᠬᠦᠬᠦ ᠬᠤᠷᠢᠶᠠᠨ ᠤ ᠬᠠᠮᠢᠶ᠎ᠠ ᠪᠦᠬᠦᠢ ᠰᠢᠬᠦᠨ ᠳᠠᠰᠤᠯᠤᠯᠳᠠ ᠪᠠᠷ ᠪᠦᠷᠢᠳᠭᠡᠯ ᠢᠶᠠᠨ ᠬᠤᠪᠢᠷᠠᠭᠤᠯᠬᠤ ᠶᠢ ᠬᠦᠴᠤᠨ ᠦᠬᠡᠢ ᠪᠤᠯᠭᠠᠬᠤ ᠪᠠᠷ ᠭᠤᠶᠤᠴᠢᠯᠠᠬᠤ ᠳᠤ ᠲᠤᠰ ᠵᠢᠷᠤᠮᠵᠢᠯ ᠲᠤᠬᠢᠷᠠᠨ᠎ᠠ᠃     2᠂ ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠶᠢ ᠬᠦᠴᠤᠨ ᠦᠬᠡᠢ ᠪᠤᠯᠭᠠᠬᠤ ᠭᠤᠶᠤᠴᠢᠯᠠᠯ ᠤᠨ ᠪᠢᠴᠢᠭ︾᠂ ︽ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢᠯᠡᠯ︾᠎ ᠢ ᠤᠯᠤᠰ ᠤᠨ ᠠᠵᠦ ᠦᠢᠯᠡᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠶᠢᠨ ︽ᠳᠤᠮᠳᠠᠳᠤ ᠤᠯᠤᠰ ᠤᠨ ᠠᠵᠦ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠦ ᠦᠢᠯᠠᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠤᠴᠢᠨ ᠠᠪᠴᠤ ᠪᠤᠯᠤᠨ᠎ᠠ᠃     3᠂ ᠲᠤᠰᠢᠶᠠᠬᠤ ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠶᠢ ᠬᠡᠷᠡᠭᠯᠡᠨ᠎ᠡ᠃     ᠳᠡᠭᠡᠷ᠎ᠡ ᠳᠤᠷᠠᠳᠤᠭᠰᠠᠨ ᠡᠯ᠎ᠡ ᠵᠦᠢᠯ ᠳᠤ ᠬᠠᠭᠤᠯᠪᠤᠷᠢ ᠲᠤᠰᠢᠶᠠᠵᠦ ᠪᠤᠯᠬᠤ ᠶᠢ ᠲᠤᠷᠠᠳᠤᠭᠰᠠᠨ ᠦᠬᠡᠢ ᠪᠤᠯ ᠡᠬᠡ ᠮᠠᠲ᠋ᠧᠷᠢᠶᠠᠯ ᠢ ᠳᠤᠰᠢᠶᠠᠨ᠎ᠠ︔ ᠬᠠᠭᠤᠯᠪᠣᠷᠢ ᠶᠢ ᠲᠤᠰᠢᠶᠠᠬᠤ ᠳᠤ ᠭᠦᠷᠪᠡᠯ ︽ᠡᠬᠡ ᠮᠠᠲ᠋ᠧᠷᠢᠶᠠᠯ ᠲᠠᠢ ᠠᠳᠠᠯᠢ︾ ᠬᠡᠳᠡᠭ ᠢ ᠲᠤᠳᠤᠷᠬᠠᠶᠢᠯᠠᠵᠦ᠂ ᠺᠤᠮᠫᠠᠨᠢ ᠭᠠᠷ ᠤᠨ ᠦᠰᠦᠭ ᠵᠢᠷᠤᠬᠤ ᠪᠤᠶᠤ ᠲᠡᠭᠦᠨ ᠤ ᠵᠢᠭᠠᠨ ᠲᠤᠭᠳᠠᠭᠠᠭᠰᠠᠨ ᠲᠦᠯᠦᠭᠡᠯᠡᠭᠴᠢ ᠡᠰᠡᠬᠦᠯ᠎ᠡ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠨᠢ ᠠᠯᠪᠠᠨ ᠳᠠᠮᠠᠭ᠎ᠠ ᠲᠠᠷᠤᠬᠤ ᠪᠤᠶᠤ ᠭᠠᠷ ᠤᠨ ᠦᠰᠦᠭ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1