ᠪᠤᠳᠠᠲᠤ ᠬᠤᠷᠢᠶᠠᠭᠰᠠᠨ ᠬᠦᠷᠦᠩᠭᠡ ᠶᠢᠨ ᠪᠦᠷᠢᠳᠭᠡᠯ ᠢ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
     1. ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶︔     2. ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠦᠷᠢᠳᠭᠡᠯ ᠢᠶᠠᠨ ᠬᠤᠪᠢᠷᠠᠭᠤᠯᠬᠤ ᠳᠠᠭᠠᠯᠳᠠᠭᠤᠯᠤᠯ ᠬᠦᠰᠤᠨᠦᠭᠳᠤ — ᠬᠤᠪᠢ ᠤᠷᠤᠭᠤᠯᠤᠭᠴᠢ ᠶᠢᠨ ᠪᠡᠯᠡ ᠤᠷᠤᠭᠤᠯᠤᠭᠰᠠᠨ ᠮᠡᠳᠡᠭᠡ ᠵᠠᠩᠬᠢ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶︔     3. ︽ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶ ᠬᠢᠭᠡᠳ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠤᠷᠢ︔ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠦᠢᠴᠡᠳᠭᠡᠬᠦ ᠵᠦᠢᠯ᠂ ᠡᠷᠭᠡ ᠮᠡᠳᠡᠯ᠂ ᠤᠯᠭᠤᠭᠰᠠᠨ ᠡᠷᠭᠡ ᠶᠢᠨ ᠬᠤᠭᠤᠴᠠᠭ᠎ᠠ ᠬᠢᠵᠠᠭᠠᠷ ᠢ ᠲᠤᠲᠤᠷᠬᠠᠶᠢᠯᠠᠬᠤ ᠬᠡᠷᠡᠭᠲᠠᠢ᠃     4. ᠬᠠᠤᠯᠢ ᠶᠤᠰᠤᠭᠠᠷ ᠪᠠᠶᠢᠭᠤᠯᠤᠭᠰᠠᠨ ᠬᠦᠷᠦᠩᠭᠡ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠵᠦ ᠦᠭᠬᠦᠭᠰᠡᠨ ᠬᠦᠷᠦᠩᠭᠡ ᠰᠢᠯᠭᠠᠨ ᠪᠠᠶᠢᠴᠠᠭᠠᠭᠰᠠᠨ ᠬᠡᠷᠡᠴᠢ︔     5. ᠪᠤᠳᠠᠲᠤ ᠬᠤᠷᠢᠶᠠᠭᠰᠠᠨ ᠬᠦᠷᠦᠩᠭᠡ ᠶᠢ ᠬᠤᠪᠢᠷᠠᠭᠤᠯᠬᠤ ᠳᠤ ᠺᠤᠮᠫᠠᠨᠢ ᠶᠢᠨ ᠳᠦᠷᠢᠮ ᠳᠤ ᠵᠠᠰᠠᠪᠤᠷᠢ ᠤᠷᠤᠭᠤᠯᠬᠤ ᠲᠠᠢ ᠬᠤᠯᠪᠤᠭᠳᠠᠪᠠᠯ᠂ ᠪᠠᠰᠠ ᠺᠤᠮᠫᠠᠨᠢ ᠶᠢᠨ ᠳᠦᠷᠢᠮ ᠳᠤ ᠵᠠᠰᠠᠪᠤᠷᠢ ᠤᠷᠤᠭᠤᠯᠬᠤ ᠰᠢᠢᠳᠪᠤᠷᠢ᠂ ᠲᠤᠭᠳᠠᠭᠠᠯ ᠬᠢᠭᠡᠳ ᠵᠠᠰᠠᠪᠤᠷᠢ ᠤᠷᠤᠭᠤᠯᠤᠭᠰᠠᠨ ᠤ ᠳᠠᠷᠠᠭᠠᠬᠢ ᠺᠤᠮᠫᠠᠨᠢ ᠶᠢᠨ ᠳᠦᠷᠢᠮ ᠪᠤᠶᠤ ᠺᠤᠮᠫᠠᠨᠢ ᠶᠢᠨ ᠲᠦᠷᠢᠮ ᠳᠤ ᠵᠠᠰᠠᠪᠤᠷᠢ ᠤᠷᠤᠭᠤᠯᠤᠭᠰᠠᠨ ᠲᠦᠰᠦᠯ ︵ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠭᠠᠷ ᠤᠨ ᠦᠰᠦᠭ ᠵᠢᠷᠤᠨ᠎ᠠ︶᠎ ᠢ ᠲᠤᠰᠢᠶᠠᠨ᠎ᠠ︔     ᠺᠤᠮᠫᠠᠨᠢ ᠶᠢᠨ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠰᠢᠢᠳᠪᠤᠷᠢ᠂ ᠲᠤᠭᠳᠠᠭᠠᠯ ᠢ ᠲᠤᠰᠢᠶᠠᠬᠤ  ᠳᠤ᠂ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠣᠯ ᠭᠤᠷᠪᠠᠨ ᠤ ᠬᠤᠶᠠᠷ ᠠᠴᠠ ᠳᠡᠭᠡᠭᠰᠢᠬᠢ ᠪᠠᠲᠤᠯᠠᠬᠤ ᠡᠷᠬᠡ ᠲᠠᠢ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠬᠤᠷᠠᠯ ᠤᠨ ᠰᠢᠢᠳᠪᠦᠷᠢ ᠶᠢ ᠲᠤᠰᠢᠶᠠᠨ᠎ᠠ︔ ᠬᠤᠪᠢ ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠪᠣᠯ ᠬᠤᠷᠠᠯ ᠤᠨ ᠡᠷᠬᠢᠯᠡᠭᠴᠢ ᠬᠢᠭᠡᠳ ᠬᠤᠷᠠᠯ ᠳᠤ ᠤᠷᠤᠯᠴᠠᠭᠰᠠᠨ ᠬᠡᠷᠡᠭ ᠮᠡᠳᠡᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠶᠡᠭᠡ ᠬᠤᠷᠠᠯ ᠤᠨ ᠲᠡᠮᠳᠡᠭᠯᠡᠯ ᠢ ᠲᠤᠰᠢᠶᠠᠨ᠎ᠠ︔ ᠭᠠᠭᠴᠠ ᠬᠦᠮᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠣᠯ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠪᠢᠴᠢᠭ ᠤᠨ ᠲᠤᠭᠲᠠᠭᠠᠯ ᠢ ᠲᠤᠰᠢᠶᠠᠨ᠎ᠠ᠃ ᠤᠯᠤᠰ ᠤᠨ ᠦᠮᠴᠢᠯᠠᠯᠲᠤ ᠲᠤᠰᠠᠭᠠᠷ ᠪᠡᠯᠡᠳᠤ ᠺᠤᠮᠫᠠᠨᠢ ᠪᠣᠯ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠤᠶᠤ ᠲᠡᠭᠦᠨ ᠤ ᠡᠷᠭᠡ ᠤᠯᠭᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠡᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠯ ᠤᠨ ᠪᠢᠴᠢᠭ ᠮᠠᠲ᠋ᠧᠷᠢᠶᠠᠯ ᠢ ᠲᠤᠰᠢᠶᠡᠨ᠎ᠡ᠃    6. ᠺᠤᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ᠃    ᠳᠤᠳᠤᠷᠬᠠᠶᠢᠯᠠᠯᠳᠠ᠄     1. ︽ᠺᠤᠮᠫᠠᠨᠢ ᠶᠢᠨ ᠬᠠᠤᠯᠢ︾᠂ ︽ᠺᠤᠮᠫᠠᠨᠢ ᠶᠢᠨ ᠪᠦᠷᠢᠳᠭᠡᠯ ᠤᠨ ᠬᠠᠮᠢᠶᠠᠷᠤᠯᠲᠠ ᠶᠢᠨ ᠳᠦᠷᠢᠮ︾᠎ ᠤᠨ ᠶᠣᠰᠤᠭᠠᠷ ᠪᠠᠶᠢᠭᠤᠯᠤᠭᠰᠠᠨ ᠺᠤᠮᠫᠠᠨᠢ ᠨᠢ ᠪᠤᠳᠠᠲᠠᠢ ᠬᠤᠷᠢᠶᠠᠭᠰᠠᠨ ᠬᠦᠷᠦᠩᠭᠡ ᠶᠢᠨ ᠪᠦᠷᠢᠳᠭᠡᠯ ᠢᠶᠠᠨ ᠬᠤᠪᠢᠷᠠᠭᠤᠯᠬᠤ ᠪᠠᠷ ᠭᠤᠶᠤᠴᠢᠯᠠᠬᠤ ᠳᠤ ᠲᠤᠰ ᠵᠢᠷᠤᠮᠵᠢᠯ ᠲᠣᠬᠢᠷᠠᠨ᠎ᠠ᠃     2. ᠺᠤᠮᠫᠠᠨᠢ ᠶᠢᠨ ᠪᠦᠬᠦ᠋ᠢᠯᠡ ᠬᠤᠪᠢ ᠤᠷᠤᠭᠤᠯᠤᠭᠴᠢ ᠪᠤᠶᠤ ᠡᠭᠦᠰᠭᠡᠨ ᠪᠠᠶᠢᠭᠤᠯᠤᠭᠴᠢ ᠪᠡᠯᠡ ᠤᠷᠤᠭᠤᠯᠤᠯᠳᠠ ᠪᠠᠨ ᠬᠦᠢᠴᠡᠳ ᠲᠤᠰᠢᠶᠠᠭᠰᠠᠨ ᠪᠠ ᠰᠲ᠋ᠤᠺ ᠤᠨ ᠮᠦᠩᠬᠦ ᠪᠠᠨ ᠲᠤᠰᠢᠶᠠᠭᠰᠠᠨ ᠤ ᠳᠠᠷᠠᠭ᠎ᠠ᠂ ᠺᠤᠮᠫᠠᠨᠢ ᠳᠠᠩᠰᠠᠯᠠᠭᠤᠯᠤᠭᠰᠠᠨ ᠬᠦᠷᠦᠩᠭᠡ ᠪᠠᠨ ᠬᠠᠰᠤᠭᠤᠯᠬᠤ ᠪᠠᠷ ᠭᠤᠶᠤᠴᠢᠯᠠᠵᠤ᠂ ᠬᠠᠷᠢᠴᠠᠩᠭᠤᠢ ᠪᠠᠷ ᠪᠤᠳᠠᠲᠠᠢ ᠬᠤᠷᠢᠶᠠᠭᠰᠠᠨ ᠬᠦᠷᠦᠩᠬᠡ ᠪᠠᠨ ᠬᠠᠰᠤᠭᠤᠯᠬᠤ ᠪᠠᠷ ᠭᠤᠶᠤᠴᠢᠯᠠᠬᠤ ᠳᠤ ᠺᠤᠮᠫᠠᠨᠢ ᠳᠠᠩᠰᠠᠯᠠᠭᠤᠯᠭ᠍ᠰᠠᠨ ᠬᠦᠷᠦᠩᠭᠡ ᠪᠠᠨ ᠬᠠᠰᠤᠭᠤᠯᠬᠤ ᠪᠦᠷᠢᠳᠭᠡᠯ ᠢᠶᠠᠨ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ ᠶᠤᠰᠤᠭᠠᠷ ᠬᠤᠯᠪᠤᠭᠳᠠᠯ ᠪᠦᠬᠦᠢ ᠮᠠᠲ᠋ᠧᠷᠢᠶᠠᠯ ᠢ ᠲᠤᠰᠢᠶᠠᠨ᠎ᠠ᠃     3. ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠦᠷᠢᠳᠭᠡᠯ ᠢᠶᠠᠨ ᠬᠤᠪᠢᠷᠠᠭᠤᠯᠬᠤ ᠳᠠᠭᠠᠯᠳᠠᠭᠤᠯᠤᠯ ᠬᠦᠰᠤᠨᠦᠭᠳᠤ — ᠬᠤᠪᠢ ᠤᠷᠤᠭᠤᠯᠤᠭᠴᠢ ᠶᠢᠨ ᠪᠡᠯᠡ ᠤᠷᠤᠭᠤᠯᠤᠯᠳᠠ ᠶᠢᠨ ᠮᠡᠳᠡᠭᠡ ᠵᠠᠩᠬᠢ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢ︾᠎ ᠶᠢ ᠤᠯᠤᠰ ᠤᠨ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj. saic.gov.cn︶᠎ ᠠᠴᠠ ᠪᠠᠭᠤᠯᠭᠠᠬᠤ ᠪᠤᠶᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠤᠴᠢᠨ ᠠᠪᠴᠦ ᠪᠣᠯᠤᠨ᠎ᠠ᠃     4. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠶᠢ ᠬᠡᠷᠡᠭᠯᠡᠨ᠎ᠡ᠃ ᠳᠡᠭᠡᠷᠡᠬᠢ ᠵᠦᠢᠯ ᠤᠳ ᠤᠨ ᠬᠠᠭᠤᠯᠪᠥᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠥᠷᠢ ᠲᠤᠰᠢᠶᠠᠬᠤ ᠳᠤ ᠬᠦᠷᠪᠡᠯ ︽ᠡᠬᠡ ᠮᠠᠲ᠋ᠧᠷᠢᠶᠠᠯ ᠲᠠᠢ ᠠᠳᠠᠯᠢ︾ ᠬᠡᠵᠤ ᠲᠤᠲᠤᠷᠬᠠᠶᠢᠯᠠᠬᠤ ᠶᠢᠨ ᠬᠠᠮᠲᠤ ᠺᠤᠮᠫᠠᠨᠢ ᠭᠠᠷ ᠤᠨ ᠦᠰᠦᠭ ᠵᠢᠷᠤᠬᠤ ᠪᠤᠶᠤ ᠵᠢᠭᠠᠨ ᠲᠣᠭᠲᠠᠭᠠᠰᠠᠨ ᠲᠦᠯᠦᠭᠡᠯᠡᠭᠴᠢ ᠡᠰᠡᠭᠦᠯ᠎ᠡ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠨᠢ ᠠᠯᠪᠠᠨ ᠲᠠᠮᠠᠭ᠎ᠠ ᠳᠠᠷᠤᠬᠤ ᠪᠠ ᠭᠠᠷ ᠤᠨ ᠦᠰᠦᠭ ᠵᠢᠷᠤᠨ᠎ᠠ᠃     5. ᠳᠡᠭᠡᠷᠡᠬᠢ ᠵᠦᠢᠯ ᠤᠳ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠬᠤ ᠲᠠᠢ ᠬᠤᠯᠪᠤᠭᠳᠠᠪᠠᠯ᠂ ᠬᠤᠪᠢ ᠤᠷᠤᠭᠤᠯᠤᠭᠴᠢ ᠨᠢ ᠪᠠᠶᠢᠭᠠᠯᠢ ᠬᠦᠮᠦᠨ ᠪᠤᠯ ᠲᠤᠰ ᠬᠦᠮᠦᠨ ᠨᠢ ᠭᠠᠷ ᠤᠨ ᠦᠰᠦᠭ ᠵᠢᠷᠤᠨ᠎ᠠ︔ ᠪᠠᠶᠢᠭᠠᠯᠢ ᠬᠦᠮᠦᠨ ᠠᠴᠠ ᠭᠠᠳᠠᠨᠠᠬᠢ ᠬᠤᠪᠢ ᠤᠷᠤᠭᠤᠯᠤᠭᠴᠢ ᠪᠤᠯ ᠠᠯᠪᠠᠨ ᠲᠠᠮᠠᠭ᠎ᠠ ᠳᠠᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1