ᠬᠠᠤᠯᠢ ᠶᠢᠨ ᠡᠷᠭᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠬᠦᠴᠦᠨ ᠦᠭᠡᠢ ᠪᠣᠯᠭᠠᠨ ᠪᠦᠷᠢᠳᠭᠡᠭᠦᠯᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/17
       1. ᠬᠠᠷᠢᠭᠤᠴᠠᠯᠭᠠᠲᠠᠨ ᠭᠠᠷ ᠤᠨ ᠦᠰᠦᠭ ᠵᠢᠷᠤᠭᠰᠠᠨ ︽ᠡᠵᠡᠩᠨᠡᠯᠲᠡ ᠶᠢᠨ ᠨᠢᠭᠡᠴᠡ ᠶᠢ ᠬᠦᠴᠦᠨ ᠦᠭᠡᠢ ᠪᠣᠯᠭᠠᠨ ᠪᠦᠷᠢᠳᠭᠡᠭᠦᠯᠬᠦ ᠭᠤᠶᠤᠴᠢᠯᠠᠯ ᠤᠨ ᠪᠢᠴᠢᠭ︾ ︵ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠠᠯᠪᠠᠨ ᠲᠠᠮᠠᠭ᠎ᠠ ᠪᠠᠨ ᠳᠠᠷᠤᠨ᠎ᠠ︶︔     2. ᠬᠠᠤᠯᠢ ᠶᠢᠨ ᠡᠷᠬᠡᠲᠡᠨ ᠪᠣᠰᠦ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾ ︵ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠠᠯᠪᠠᠨ ᠲᠠᠮᠠᠭ᠎ᠠ ᠪᠠᠨ ᠳᠠᠷᠤᠨ᠎ᠠ︶ ᠬᠢᠭᠡᠳ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠥᠷᠢ︔     ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠦᠢᠴᠡᠳᠭᠡᠬᠦ ᠵᠦᠢᠯ ᠤᠳ᠂ ᠡᠷᠬᠡ ᠮᠡᠳᠡᠯ᠂ ᠤᠯᠭᠤᠭᠰᠠᠨ ᠡᠷᠭᠡ ᠶᠢᠨ ᠬᠤᠭᠤᠴᠠᠭ᠎ᠠ ᠶᠢ ᠲᠤᠲᠤᠷᠬᠠᠶᠢᠯᠠᠬᠤ ᠬᠡᠷᠡᠭᠲᠠᠢ᠃     3. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠭᠠᠷᠭᠠᠭᠰᠠᠨ ᠦᠷᠢ ᠦᠭᠴᠡᠭᠡ ᠶᠢ ᠢᠯᠭᠠᠷᠠᠭᠤᠯᠤᠭᠰᠠᠨ ᠪᠢᠴᠢᠭ ᠮᠠᠲ᠋ᠧᠷᠢᠶᠠᠯ︔     4. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠬᠠᠤᠯᠢ ᠶᠤᠰᠤᠭᠠᠷ ᠵᠠᠷᠯᠢᠭᠳᠠᠭᠤᠯᠤᠨ ᠬᠦᠴᠦᠨ ᠦᠭᠡᠢ ᠪᠤᠯᠭᠠᠭᠳᠠᠭᠰᠠᠨ ᠪᠣᠯ ᠬᠦᠴᠦᠨ ᠦᠭᠡᠢ ᠪᠤᠯᠭᠠᠬᠤ ᠪᠠᠷ ᠵᠠᠷᠯᠢᠭᠳᠠᠭᠰᠠᠨ ᠮᠠᠲ᠋ᠧᠷᠢᠶᠠᠯ ᠢ ᠲᠤᠰᠢᠶᠠᠨ᠎ᠠ︔  5. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠪᠦᠷᠢᠳᠭᠡᠬᠦ ᠪᠠᠶᠢᠭᠤᠯᠭ᠎ᠠ ᠶᠢᠨ ᠭᠠᠷᠭᠠᠭᠰᠠᠨ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠬᠠᠰᠤᠬᠤ ᠶᠢ ᠬᠢᠨᠠᠭᠠᠳ ᠰᠢᠯᠵᠢᠬᠦᠯᠬᠦ ᠵᠠᠬᠢᠲᠠᠯ︔     6. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ︽ᠡᠵᠡᠩᠨᠡᠯᠲᠡ ᠶᠢᠨ ᠦᠨᠡᠮᠯᠡᠯ︾᠎ ᠤᠨ ᠵᠢᠩᠬᠢᠨᠢ᠂ ᠳᠡᠳ᠋ ᠳᠡᠪᠲᠡᠷ︔     7. ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠠᠯᠪᠠᠨ ᠲᠠᠮᠠᠭ᠎ᠠ︔ ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠠᠯᠪᠠᠨ ᠲᠠᠮᠠᠭ᠎ᠠ ᠰᠡᠶᠢᠯᠦᠭᠦᠯᠥᠭᠡᠳᠥᠢ ᠨᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠭᠠᠷᠭᠠᠭᠰᠠᠨ ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠠᠯᠪᠠᠨ ᠲᠠᠮᠠᠭ᠎ᠠ ᠰᠡᠶᠢᠯᠦᠭᠦᠯᠥᠭᠰᠡᠨ ᠦᠭᠡᠢ ᠶᠢᠨ ᠬᠡᠷᠡᠴᠢ ᠶᠢ ᠲᠤᠰᠢᠶᠠᠨ᠎ᠠ᠃     8. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠢᠴᠢᠭ ᠮᠠᠲ᠋ᠧᠷᠢᠶᠠᠯ᠃     ᠲᠤᠲᠤᠷᠬᠠᠶᠢᠯᠠᠬᠤ ᠨᠢ᠄ 1. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠪᠦᠷᠢᠳᠭᠡᠬᠦ ᠬᠠᠮᠢᠶᠠᠷᠤᠯᠲᠠ ᠶᠢᠨ ᠳᠦᠷᠢᠮ︾᠎ ᠤᠨ ᠶᠤᠰᠤᠭᠠᠷ ᠪᠠᠶᠢᠭᠤᠯᠤᠭᠰᠠᠨ ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠨ ᠭᠤᠶᠤᠴᠢᠯᠠᠨ ᠬᠦᠴᠦᠨ ᠦᠭᠡᠢ ᠪᠣᠯᠭᠠᠨ ᠪᠦᠷᠢᠳᠭᠡᠭᠦᠯᠬᠦ ᠳᠤ ᠲᠤᠰ ᠵᠢᠷᠤᠮᠵᠢᠯ ᠲᠤᠬᠢᠷᠠᠨ᠎ᠠ᠃     9. ︽ᠡᠵᠡᠩᠨᠡᠯᠲᠠ ᠶᠢᠨ ᠨᠢᠭᠡᠴᠡ ᠶᠢ ᠬᠦᠴᠦᠨ ᠦᠭᠡᠢ ᠪᠣᠯᠭᠠᠨ ᠪᠦᠷᠢᠳᠭᠡᠭᠦᠯᠬᠦ ᠭᠤᠶᠤᠴᠢᠯᠠᠯ ᠤᠨ ᠪᠢᠴᠢᠭ︾ ᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ︾᠎ ᠶᠢ ᠤᠯᠤᠰ ᠤᠨ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠪᠦᠷᠢᠳᠭᠡᠭᠦ ᠰᠦᠯᠵᠢᠶ᠎ᠠ︾ ︵http: //qyj.saic.gov.cn︶᠎ ᠪᠠᠷ ᠳᠠᠮᠵᠢᠭᠤᠯᠤᠨ ᠲᠠᠲᠠᠬᠤ ᠪᠤᠶᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠠᠪᠴᠦ ᠪᠣᠯᠤᠨ᠎ᠠ᠃     10. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4᠎ ᠶᠢᠨ ᠴᠠᠭᠠᠰᠤ ᠶᠢ ᠬᠡᠷᠡᠭᠯᠡᠬᠦ ᠬᠡᠷᠡᠭᠲᠡᠢ᠃     ᠳᠡᠭᠡᠷᠡᠬᠢ ᠵᠦᠢᠯ ᠤᠳ ᠤᠨ ᠬᠠᠭᠤᠯᠪᠥᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠳᠤᠨᠢ ᠤᠭ ᠵᠦᠢᠯ ᠢ ᠲᠤᠰᠢᠶᠠᠬᠤ ᠬᠡᠷᠡᠭᠲᠠᠢ︔ ᠬᠠᠭᠤᠯᠪᠥᠷᠢ ᠲᠤᠰᠢᠶᠠᠬᠤ ᠲᠨᠢ᠂ ︽ᠤᠭ ᠵᠦᠢᠯ ᠲᠠᠢ ᠪᠠᠨ ᠨᠢᠭᠡᠳᠦᠯᠲᠠᠢ︾ ᠬᠡᠵᠤ ᠲᠤᠲᠤᠷᠬᠠᠶᠢᠯᠠᠬᠤ ᠶᠢᠨ ᠬᠠᠮᠲᠤ ᠬᠠᠤᠯᠢ ᠶᠢᠨ ᠡᠷᠬᠡᠲᠡᠨ ᠪᠤᠰᠦ ᠬᠤᠪᠢᠶᠠᠷᠢ ᠰᠠᠯᠪᠥᠷᠢ ᠪᠠᠶᠢᠭᠤᠯᠤᠮᠵᠢ ᠠᠴᠠ ᠭᠠᠷ ᠤᠨ ᠦᠰᠦᠭ ᠵᠢᠷᠤᠬᠤ ᠬᠡᠷᠡᠭᠲᠡᠢ᠂ ᠡᠰᠡᠭᠦᠯ᠎ᠡ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠭᠴᠢ ᠠᠴᠠ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠵᠢᠷᠤᠬᠤ ᠬᠡᠷᠡᠭᠲᠡᠢ᠃     11. ᠬᠠᠤᠯᠢ ᠶᠢᠨ ᠡᠷᠬᠡᠲᠡᠨ ᠪᠤᠰᠤ ᠬᠤᠪᠢᠶᠠᠷᠢ ᠰᠠᠯᠪᠤᠷᠢ ᠪᠠᠶᠢᠭᠤᠯᠤᠮᠵᠢ ᠠᠯᠪᠠᠨ ᠲᠠᠮᠠᠭ᠎ᠠ ᠰᠠᠶᠢᠯᠦᠭᠦᠯᠥᠭᠡᠳᠥᠢ ᠨᠢ ᠪᠣᠯ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠢᠶᠠᠷ ᠤᠷᠤᠯᠠᠭᠤᠯᠤᠨ ᠲᠠᠮᠠᠭ᠎ᠠ ᠳᠠᠷᠤᠭᠤᠯᠵᠦ ᠪᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1