ᠳ᠋ᠢ ᠽᠢ ᠮᠠᠨ ᠿᠦᠨ ᠪᠠᠩ ︵  ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/11/18
 
   11ᠰᠠᠷ᠎ᠠ ᠶᠢᠨ10᠎ ᠤ ᠡᠳᠦᠷ᠂ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ ᠵᠢᠩᠬᠢᠨᠢ ᠪᠠᠷ ᠪᠠᠶᠢᠭᠤᠯᠤᠭᠳᠠᠪᠠ᠃  ᠬᠤᠯᠠᠨᠳ᠋ ᠸᠠᠩᠲᠦ ᠤᠯᠤᠰ ᠤᠨ ᠲᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠭᠠᠵᠠᠷ ᠤᠨ ᠠᠵᠤ ᠠᠬᠤᠢ ᠪᠠ ᠬᠤᠳᠠᠯᠳᠤᠭᠠᠨ ᠤ ᠶᠠᠪᠤᠳᠠᠯ ᠤᠨ ᠵᠦᠪᠯᠡᠭᠴᠢ  ᠯᠢᠨ ᠮᠠᠨ ᠷᠦᠢ᠂ ᠬᠤᠯᠠᠨᠳ᠋ ᠶᠢᠨ ᠬᠠᠭᠠᠨ ᠤ ᠤᠭᠰᠠᠭ᠎ᠠ ᠶᠢᠨ ᠭᠦᠢᠴᠡᠳᠭᠡᠬᠦ ᠵᠦᠪᠯᠡᠯ ᠤᠨ ᠭᠡᠰᠢᠭᠦᠨ ᠹᠸᠢ ᠯᠢ ᠫᠦ᠋· ᠠᠢ ᠺᠧ ᠮᠠᠨ᠂ ᠳ᠋ᠢ ᠽᠢ ᠮᠠᠨ ᠪᠦᠯᠦᠭᠯᠡᠯ ᠤᠨ ᠳᠤᠮᠳᠠᠳᠤ ᠤᠯᠤᠰ ᠲᠠᠬᠢ ᠶᠡᠷᠦᠩᠬᠡᠶᠢᠯᠡᠭᠴᠢ ᠵᠢᠶᠠᠩ  ᠸᠧᠢ ᠮᠢᠩ  ︔ ᠳᠤᠮᠳᠠᠳᠤ ᠤᠯᠤᠰ ᠤᠨ ᠴᠢᠯᠠᠭᠤᠨ ᠲᠤᠰᠤ ᠪᠠ  ᠬᠢᠮᠢ ᠶᠢᠨ ᠠᠵᠤ ᠦᠢᠯᠡᠳᠪᠦᠷᠢ ᠶᠢᠨ ᠬᠠᠮᠲᠤᠷᠠᠭᠰᠠᠨ ᠵᠦᠪᠯᠡᠯ ᠤᠨ ᠨᠠᠮ ᠤᠨ ᠬᠤᠷᠢᠶᠠᠨ ᠤ ᠪᠠᠶᠢᠩᠭᠤ ᠶᠢᠨ ᠳᠡᠳ᠋ ᠱᠦᠵᠢ  ᠽᠧᠩ ᠵᠢᠶᠠᠨ᠂  ᠬᠤᠲᠠ ᠶᠢᠨ ᠵᠠᠰᠠᠭ ᠤᠨ ᠤᠷᠳᠤᠨ ᠤ ᠳᠡᠳ᠋ ᠲᠠᠷᠤᠭ᠎ᠠ ᠬᠤᠸᠠᠩ ᠭᠥᠸᠧ ᠸᠧᠨ᠂ ᠲᠤᠭᠤᠷᠢᠭ ᠤᠨ ᠤᠳᠤᠷᠢᠳᠤᠯᠭ᠎ᠠ ᠸᠠᠩ ᠪᠢᠩ ᠵᠦᠩ᠂ ᠸᠠᠩ ᠶᠦᠩ᠂ ᠯᠢᠤ ᠯᠢ ᠵᠦᠩ᠂ ᠸᠠᠩ ᠵᠧᠨ ᠯᠢᠶᠠᠩ᠂ ᠯᠦ ᠯᠢᠶᠠᠨ ᠭᠥᠸᠧ᠂ ᠭᠥᠸᠧ ᠰᠣ᠋ ᠾᠥᠩ᠂ ᠸᠠᠩ ᠠᠢ ᠰᠢᠨ᠂ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ ᠴᠦ᠋ ᠬᠠᠢ ᠪᠦᠧ᠂ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ  ᠶᠢᠨ ᠶᠡᠷᠦᠩᠬᠢ ᠳᠠᠭᠠᠭᠠᠮᠠᠯ ᠭᠦ᠋ ᠯᠢ ᠴᠢᠶᠠᠨ ᠨᠠᠷ ᠪᠠᠶᠢᠭᠤᠯᠤᠭᠳᠠᠬᠤ ᠶᠠᠰᠤᠯᠠᠯ ᠪᠠ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃     ᠶᠤᠰᠤᠯᠠᠯ ᠲᠡᠭᠡᠷ᠎ᠡ᠂ ᠳᠤᠮᠳᠠᠳᠤ ᠤᠯᠤᠰ ᠤᠨ ᠴᠢᠯᠠᠭᠤᠨ ᠲᠤᠰᠤ ᠪᠠ  ᠬᠢᠮᠢ ᠶᠢᠨ ᠠᠵᠤ ᠦᠢᠯᠡᠳᠪᠦᠷᠢ ᠶᠢᠨ ᠬᠠᠮᠲᠤᠷᠠᠭᠰᠠᠨ ᠵᠦᠪᠯᠡᠯ ᠤᠨ ᠨᠠᠮ ᠤᠨ ᠬᠤᠷᠢᠶᠠᠨ ᠤ ᠪᠠᠶᠢᠩᠭᠤ ᠶᠢᠨ ᠳᠡᠳ᠋ ᠱᠦᠵᠢ  ᠽᠧᠩ ᠵᠢᠶᠠᠨ ᠶᠠᠷᠢᠶ᠎ᠠ ᠲᠠᠯᠪᠢᠵᠤ ᠂ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ  ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃    ᠬᠤᠯᠠᠨᠳ᠋ ᠸᠠᠩᠲᠦ ᠤᠯᠤᠰ ᠤᠨ ᠲᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠭᠠᠵᠠᠷ ᠤᠨ ᠠᠵᠤ ᠠᠬᠤᠢ ᠪᠠ ᠬᠤᠳᠠᠯᠳᠤᠭᠠᠨ ᠤ ᠶᠠᠪᠤᠳᠠᠯ ᠤᠨ ᠵᠦᠪᠯᠡᠭᠴᠢ  ᠯᠢᠨ ᠮᠠᠨ ᠷᠦᠢ ᠬᠤᠯᠠᠨᠳ᠋ ᠸᠠᠩᠲᠦ ᠤᠯᠤᠰ ᠤᠨ ᠲᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠭᠠᠵᠠᠷ ᠪᠠ ᠡᠯᠴᠢᠨ ᠰᠠᠶᠢᠳ ᠢ ᠲᠦᠯᠦᠭᠡᠯᠡᠵᠦ᠂ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ  ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ‌ᠢᠯᠡᠳᠬᠡᠬᠦ ᠶᠢᠨ ᠬᠠᠮᠳᠤ᠂ ᠳ᠋ᠢ ᠽᠢ ᠮᠠᠨ ᠺᠤᠮᠫᠠᠨᠢ ᠶᠢᠨ ᠦᠰᠦᠨ ᠪᠤᠶᠢᠵᠢᠯᠲᠠ᠂ ᠬᠦᠭᠵᠢᠯᠲᠡ ᠶᠢᠨ ᠪᠠᠶᠢᠳᠠᠯ  ᠵᠢᠴᠢ ᠬᠤᠯᠠᠨᠳ᠋ ᠤᠨ ᠵᠠᠰᠠᠭ ᠶᠢᠨ  ᠤᠷᠳᠤᠨ ᠠᠴᠠ ᠳ᠋ᠢ ᠽᠢ ᠮᠠᠨ ᠺᠤᠮᠫᠠᠨᠢ ᠎ ᠶᠢᠨ ᠳᠤᠮᠳᠠᠳᠤ ᠤᠯᠤᠰ ᠲᠠᠬᠢ ᠬᠦᠭᠵᠢᠯᠲᠡ ᠶᠢ ᠳᠡᠮᠵᠢᠵᠦ ᠪᠠᠶᠢᠬᠤ ᠶᠢ ᠲᠠᠨᠢᠯᠴᠠᠭᠤᠯᠤᠭᠰᠠᠨ ᠪᠠᠶᠢᠨ᠎ᠠ᠃          ᠬᠤᠲᠠ ᠶᠢᠨ ᠵᠠᠰᠠᠭ ᠤᠨ ᠤᠷᠳᠤᠨ ᠤ ᠳᠡᠳ᠋ ᠲᠠᠷᠤᠭ᠎ᠠ ᠬᠤᠸᠠᠩ ᠭᠥᠸᠧ ᠸᠧᠨ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠢ ᠲᠦᠯᠦᠭᠡᠯᠡᠵᠦ᠂ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ  ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃  ᠲᠡᠷᠡ‌‍ᠳᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ  ᠎ ᠶᠢᠨ ᠪᠠᠶᠢᠭᠤᠯᠤᠭᠳᠠᠭᠰᠠᠨ ᠨᠢ ᠤᠯᠠᠭᠠᠨᠬᠠᠳᠠ ᠬᠤᠲᠠ ᠪᠤᠯᠤᠨ ᠶᠤᠸᠠᠨ ᠪᠤᠤ ᠱᠠᠨ ᠲᠤᠭᠤᠷᠢᠭ ᠤᠨ  ᠠᠵᠤ ᠠᠬᠤᠢ ᠨᠡᠶᠢᠭᠡᠮ ᠤᠨ ᠬᠦᠭᠵᠢᠯᠲᠡ ᠂  ᠠᠵᠤ ᠦᠢᠯᠡᠰ ᠤᠨ ᠬᠡᠯᠪᠡᠷᠢ ᠶᠢᠨ ᠰᠢᠯᠵᠢᠯᠲᠡ ᠳᠤ  ᠭᠦᠨ ᠤᠳᠬ᠎ᠠ ᠠᠭᠤᠯᠭ᠎ᠠ ᠲᠠᠢ ᠶᠤᠮ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠬᠦ ᠬᠦᠴᠦᠨ ᠢᠶᠠᠷ ᠢᠶᠠᠨ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ ᠎ ᠶᠢᠨ ᠶᠤᠸᠠᠨ ᠪᠤᠤ ᠱᠠᠨ ᠲᠤᠭᠤᠷᠢᠭ ᠲᠠᠬᠢ ᠬᠦᠭᠵᠢᠯᠲᠡ ᠶᠢ ᠳᠡᠮᠵᠢᠬᠦ ᠪᠠᠨ ᠢᠯᠡᠷᠬᠡᠶᠢᠯᠡᠪᠡ᠃     ᠲᠤᠭᠤᠷᠢᠭ ᠤᠨ ᠵᠠᠰᠠᠭ ᠤᠨ ᠤᠷᠳᠤᠨ ᠤ ᠤᠷᠤᠯᠠᠭᠴᠢ ᠲᠠᠷᠤᠭ᠎ᠠ ᠸᠠᠩ ᠶᠦᠩ ᠠᠴᠠ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ  ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠶᠤᠸᠠᠨ ᠪᠤᠤ ᠱᠠᠨ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠦᠷᠢᠶᠡᠯᠡᠩ ᠲᠤᠭᠤᠷᠢᠭ ᠤᠨ ᠤᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ᠂ ᠰᠠᠭᠤᠷᠢ ᠲᠦᠬᠦᠭᠡᠷᠡᠮᠵᠢ ᠶᠢᠨ ᠪᠦᠲᠦᠭᠡᠨ ᠪᠠᠶᠢᠭᠤᠯᠤᠯᠲᠠ  ᠎ ᠢᠶᠠᠨ ᠴᠢᠩᠭᠠᠳᠬᠠᠵᠤ᠂ ᠦᠢᠯᠡᠴᠢᠯᠡᠬᠦ ᠤᠪᠣᠷ ᠦᠢᠯᠡᠴᠢᠯᠡᠬᠦ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ  ᠳᠡᠭᠡᠭᠰᠢᠯᠡᠭᠦᠯᠵᠦ᠂  ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ ᠎ ᠶᠢᠨ ᠬᠦᠭᠵᠢᠯᠲᠡ ᠶᠢ ᠪᠦᠬᠦ ᠬᠦᠴᠦᠨ ᠢᠶᠠᠷ ᠢᠶᠠᠨ  ᠳᠡᠮᠵᠢᠬᠦ ᠪᠠᠨ ᠢᠯᠡᠷᠬᠡᠶᠢᠯᠡᠪᠡ᠃     ᠶᠤᠰᠤᠯᠠᠯ  ᠳᠡᠭᠡᠷ᠎ᠡ ᠬᠤᠯᠠᠨᠳ᠋ ᠶᠢᠨ ᠬᠠᠭᠠᠨ ᠤ ᠤᠭᠰᠠᠭ᠎ᠠ ᠶᠢᠨ ᠭᠦᠢᠴᠡᠳᠭᠡᠬᠦ ᠵᠦᠪᠯᠡᠯ ᠤᠨ ᠭᠡᠰᠢᠭᠦᠨ ᠹᠸᠢ ᠯᠢ ᠫᠦ᠋· ᠠᠢ ᠺᠧ ᠮᠠᠨ ᠪᠠᠶᠠᠷ ᠤᠨ ᠦᠭᠡ ᠶᠠᠷᠢᠵᠤ᠂ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠪᠦᠬᠦ ᠳᠡᠯᠡᠬᠡᠢ ᠶᠢᠨ ᠬᠦᠭᠵᠢᠯᠲᠡ ᠶᠢᠨ ᠪᠠᠶᠢᠯᠳᠤᠬᠤ  ᠪᠣᠳᠤᠯᠭ᠎ᠠ᠂  ᠬᠦᠭᠵᠢᠯᠲᠡ ᠶᠢᠨ ᠬᠠᠨᠳᠤᠰᠢ ᠪᠠ ᠠᠵᠤ ᠠᠬᠤᠶᠢᠯᠠᠯ ᠤᠨ ᠦᠷᠬᠦᠯᠵᠢᠯᠡᠨ ᠬᠥᠭᠵᠢᠬᠦ  ᠤᠬᠠᠭᠳᠠᠬᠤᠨ ᠢ ᠲᠠᠨᠢᠯᠴᠠᠭᠤᠯᠪᠠ᠃ ᠳ᠋ᠢ ᠽᠢ ᠮᠠᠨ ᠪᠦᠯᠦᠭᠯᠡᠯ ᠤᠨ ᠳᠤᠮᠳᠠᠳᠤ ᠤᠯᠤᠰ ᠲᠠᠬᠢ ᠶᠡᠷᠦᠩᠬᠡᠶᠢᠯᠡᠭᠴᠢ ᠵᠢᠶᠠᠩ  ᠸᠧᠢ ᠮᠢᠩ ᠠᠴᠠ ᠳ᠋ᠢ ᠽᠢ ᠮᠠᠨ ᠿᠦᠨ ᠪᠠᠩ ︵ ᠦᠪᠤᠷ ᠮᠤᠩᠭᠤᠯ︶  ᠠᠮᠢᠳᠤ ᠪᠤᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠳᠤᠮᠳᠠᠳᠤ ᠤᠯᠤᠰ  ᠳᠠᠬᠢ ᠬᠦᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃            
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1