ᠮᠠᠨ ᠤ ᠲᠣᠭᠤᠷᠢᠭ ︽  ᠬᠥᠳᠡᠭᠡ ᠳᠤᠰᠬᠤᠨ ᠳᠤ ᠴᠡᠪᠡᠷ ᠤᠰᠤ ᠤᠤᠭᠤᠵᠤ ᠡᠷᠡᠭᠦᠯ ᠴᠢᠭᠢᠷᠠᠭ  ᠠᠮᠢᠳᠤᠷᠠᠬᠤ︾ ᠶᠠᠳᠠᠭᠤ ᠶᠢ ᠲᠡᠳᠬᠦᠬᠦ ᠪᠡᠯᠡᠭᠯᠡᠬᠦ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2017/11/21
       11 ᠰᠠᠷ᠎ᠠ ᠶᠢᠨ 4᠎ ᠤ ᠡᠳᠦᠷ᠂ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠶᠢᠨ ︽ ᠬᠥᠳᠡᠭᠡ ᠳᠤᠰᠬᠤᠨ ᠳᠤ ᠴᠡᠪᠡᠷ ᠤᠰᠤ ᠤᠤᠭᠤᠵᠤ ᠡᠷᠡᠭᠦᠯ ᠴᠢᠭᠢᠷᠠᠭ  ᠠᠮᠢᠳᠤᠷᠠᠬᠤ︾ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠪᠡᠯᠡᠭᠯᠡᠬᠦ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠮᠠᠨ ᠤ ᠲᠣᠭᠤᠷᠢᠭ ᠤᠨ ᠪᠦᠦ ᠱᠠᠨ ᠬᠤᠷᠠᠯ ᠤᠨ ᠲᠥᠪ ᠲᠤ ᠶᠠᠪᠤᠭᠳᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠩ ᠷᠦᠢ ᠪᠦᠦ᠂ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠶᠢᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃
        ᠴᠧᠩ ᠷᠦᠢ ᠪᠦᠦ ᠠᠴᠠ ᠡᠬᠢᠯᠡᠯᠲᠡ ᠶᠢᠨ ᠶᠣᠰᠣᠯᠠᠯ ᠳᠡᠭᠡᠷ᠎ᠡ  ᠶᠠᠷᠢᠶ᠎ᠠ ᠲᠠᠯᠪᠢᠵᠤ᠂ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠶᠢᠨ ᠪᠡᠯᠡᠭᠯᠡᠨ ᠬᠦᠷᠭᠡᠬᠦ ᠠᠵᠢᠯᠯᠠᠭᠠᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠵᠡᠢ᠃ ᠲᠡᠷᠡ ᠵᠢᠭᠠᠬᠤ ᠳᠠᠭᠠᠨ᠂ ᠪᠦᠬᠦ ᠲᠣᠭᠤᠷᠢᠭ ᠢᠶᠠᠷ ᠢᠶᠠᠨ ᠰᠡᠳᠬᠢᠯ ᠨᠢᠭᠡ ᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠬᠦᠴᠦᠯᠡᠨ ᠲᠡᠮᠡᠴᠡᠵᠦ ᠪᠠᠶᠢᠭ᠎ᠠ ᠲᠠᠰᠢᠷᠠᠮ ᠳᠤ᠂ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠳᠤ ᠨᠡᠮᠡᠷᠢ ᠡᠷᠭᠦᠬᠦ ᠰᠠᠶᠢᠨ ᠰᠠᠶᠢᠬᠠᠨ ᠬᠡᠪ ᠰᠤᠷᠲᠠᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠲᠤ ᠣᠷᠣᠯᠴᠠᠨ ᠬᠠᠷᠢᠭᠤᠴᠠᠯᠭ᠎ᠠ ᠡᠭᠦᠷᠭᠡᠯᠡᠬᠦ ᠬᠠᠯᠭᠤᠨ ᠰᠡᠳᠬᠢᠯᠭᠡ ᠪᠡᠨ‌ᠢᠯᠡᠷᠡᠭᠦᠯᠦᠭᠰᠡᠨ ᠪᠠᠶᠢᠨ᠎ᠠ᠂ ᠡᠨᠡ ᠬᠦ ᠠᠵᠢᠯᠯᠠᠭᠠᠨ ᠎ ᠨᠢ ᠨᠡᠩ ᠣᠯᠠᠨ ᠨᠡᠶᠢᠭᠡᠮ ᠤᠨ ᠪᠦᠯᠬᠦᠮ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠲᠤ ᠣᠷᠣᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠶᠠᠳᠠᠭᠤ ᠶᠢ ᠲᠡᠳᠬᠦᠨ ᠬᠦᠴᠢᠷᠲᠡᠢ ᠶᠢ ᠲᠤᠰᠠᠯᠠᠬᠤ ᠦᠢᠯᠡᠰ ᠲᠤ ᠰᠡᠳᠬᠢᠯ ᠲᠠᠯᠪᠢᠨ ᠠᠩᠬᠠᠷᠴᠤ᠂ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠎ ᠨᠢ ᠯᠠᠪᠲᠠᠢ ᠶᠤᠮ ᠭᠡᠵᠡᠢ᠃ ᠲᠡᠷᠡ ᠴᠢᠬᠤᠯᠠᠴᠢᠯᠠᠬᠤ ᠳᠠᠭᠠᠨ᠂ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠎ ᠨᠢ᠂ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠭᠡᠷ ᠪᠦᠯᠢ ᠶᠢᠨ ᠳᠣᠲᠣᠭᠠᠳᠤ ᠶᠢᠨ ᠬᠦᠴᠦᠨ ᠴᠢᠷᠮᠠᠶᠢᠯᠭ᠎ᠠ ᠠᠴᠠ ᠨᠡᠩ ᠴᠦ ᠰᠠᠯᠵᠤ ᠴᠢᠳᠠᠬᠤ ᠦᠭᠡᠢ ᠶᠤᠮ᠃ ᠬᠦᠰᠡᠬᠦ ᠨᠢ ᠥᠨᠥᠳᠥᠷ ᠤᠨ ᠪᠡᠯᠡᠭᠯᠡᠨ ᠬᠦᠷᠭᠡᠬᠦ ᠶᠢ ᠬᠦᠯᠢᠶᠡᠨ ᠠᠪᠣᠭᠰᠨ ᠶᠠᠳᠠᠭᠤ ᠬᠦᠴᠢᠷᠲᠡᠢ ᠭᠡᠷ ᠪᠦᠯᠢ ᠨᠢ ᠠᠴᠢ ᠡᠨᠡᠷᠢᠯ ᠳᠤ ᠲᠠᠯᠠᠷᠬᠠᠬᠤ ᠰᠡᠳᠬᠢᠯᠭᠡ ᠲᠠᠢ ᠪᠠᠶᠢᠵᠤ᠂ ᠠᠴᠢ ᠡᠨᠡᠷᠢᠯ ᠳᠤ ᠲᠠᠯᠠᠷᠬᠠᠬᠤ ᠰᠡᠳᠬᠢᠯᠭᠡ ᠪᠠᠨ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠶᠢᠨ ᠠᠤᠭ᠎ᠠ ᠶᠡᠭᠡ ᠲᠦᠯᠬᠢᠴᠡ ᠬᠦᠴᠦᠨ ᠪᠣᠯᠭᠠᠵᠤ᠂ ᠥᠪᠡᠷ ᠤᠨ ᠠᠵᠢᠯᠴᠢ ᠪᠣᠷᠣᠭᠵᠢᠭᠤᠨ ᠬᠤᠶᠠᠷ ᠭᠠᠷ ᠪᠠ ᠬᠠᠯᠠᠰᠢᠷᠠᠯ ᠦᠭᠡᠢ ᠴᠢᠷᠮᠠᠶᠢᠯᠭ᠎ᠠ ᠪᠠᠷ ᠢᠶᠠᠨ ᠡᠷᠲᠡ ᠡᠳᠦᠷ ᠶᠠᠳᠠᠭᠤ ᠠᠴᠠ ᠠᠩᠭᠢᠵᠢᠷᠠᠨ᠂ ᠵᠣᠯ ᠵᠢᠷᠭᠠᠯᠲᠤ ᠠᠮᠢᠳᠤᠷᠠᠯ ᠢᠶᠠᠨ ᠡᠳ᠋ᠯᠡᠬᠦ ᠶᠢ ᠬᠦᠰᠡᠵᠦ ᠪᠠᠶᠢᠨ᠎ᠠ ᠭᠡᠵᠡᠢ᠃
        ᠶᠣᠰᠣᠯᠠᠯ ᠳᠡᠭᠡᠷ᠎ᠡ᠂ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠠᠴᠠ ᠡᠦ ᠵᠢᠶᠡ ᠪᠠᠯᠭᠠᠰᠤ᠂ ᠫᠢᠩᠵᠦᠸᠠᠩ ᠪᠠᠯᠭᠠᠰᠤ᠂  ᠮᠤᠬᠤᠷᠭᠤᠤᠯ ᠪᠠᠯᠭᠠᠰᠤ᠂ ᠶᠦᠸᠠᠨ ᠪᠦᠦ ᠱᠠᠨ ᠪᠠᠯᠭᠠᠰᠤ᠂ ᠹᠧᠩ ᠱᠦᠢ ᠭᠸᠦ ᠪᠠᠯᠭᠠᠰᠤ᠂ ᠰᠢᠶᠣᠣ ᠡᠦ ᠵᠢᠶᠡ ᠰᠢᠶᠠᠩ ᠤᠨ ᠲᠥᠯᠥᠭᠡᠯᠡᠭᠴᠢ᠂ ᠹᠠᠩ ᠱᠧᠨ ᠲᠤᠰᠬᠤᠨ᠂ ᠵᠢᠨᠴᠢᠶᠤᠤ ᠲᠤᠰᠬᠤᠨ᠂ ᠬᠤᠸᠠᠩ ᠠᠨ ᠫᠦ᠋ ᠲᠤᠰᠬᠤᠨ᠂ ᠰᠢᠩ ᠠᠨ ᠲᠥᠨ ᠲᠤᠰᠬᠤᠨ᠂ ᠹᠧᠩ ᠱᠦᠢ ᠭᠸᠦ ᠲᠤᠰᠬᠤᠨ᠂ ᠰᠢᠶᠧ ᠵᠢᠶᠡ ᠶᠢᠩᠽ ᠲᠤᠰᠬᠤᠨ ᠤ ᠲᠤᠰᠬᠤᠨ ᠤ ᠠᠷᠠᠳ ᠤᠨ ᠲᠥᠯᠥᠭᠡᠯᠡᠭᠴᠢ᠂ 12 ᠡᠷᠦᠬᠡ ᠶᠠᠳᠠᠭᠤ ᠬᠦᠴᠢᠷᠲᠡᠢ ᠭᠡᠷ ᠪᠦᠯᠢ ᠶᠢᠨ ᠲᠥᠯᠥᠭᠡᠯᠡᠭᠴᠢ ᠳᠤ 200 ᠲᠥᠬᠦᠷ᠂ ᠶᠡᠷᠦᠩᠬᠡᠢ ᠥᠷᠲᠡᠭ ᠨᠢ 59.6  ᠲᠦᠮᠡᠨ ᠲᠥᠭᠦᠷᠢᠭ ᠤᠨ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢ ᠦᠨ᠎ᠡ ᠲᠥᠯᠥᠪᠦᠷᠢ ᠦᠭᠡᠢ ᠪᠠᠷ ᠪᠡᠯᠡᠭᠯᠡᠭᠰᠡᠨ ᠪᠦᠭᠡᠳ ᠲᠤᠬᠠᠢ ᠶᠢᠨ ᠲᠠᠯᠠᠪᠠᠢ ᠶᠢᠨ ᠪᠦᠬᠦ ᠲᠥᠯᠥᠭᠡᠯᠡᠭᠴᠢ ᠳᠤ ᠦᠢᠯᠡᠴᠢᠯᠡᠭᠡᠨ ᠤ ᠠᠮᠠᠯᠠᠯᠲᠠ ᠬᠢᠵᠡᠢ᠃         ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠴᠧᠩ ᠷᠦᠢ ᠪᠦᠦ ᠠᠴᠠ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠳᠤ ᠲᠠᠯᠠᠷᠬᠠᠬᠤ ᠰᠡᠳᠬᠢᠯᠭᠡ ᠪᠠᠨ ᠢᠯᠡᠳᠬᠡᠵᠦ᠂ ᠱᠧᠨᠵᠧᠨ ᠤ ᠶᠠ ᠺᠧᠨ ᠰᠢᠨᠵᠢᠯᠡᠬᠦ ᠤᠬᠠᠭᠠᠨ ᠤ ᠬᠠᠷᠢᠭᠤᠴᠠᠯᠭᠠᠲᠤ ᠺᠣᠮᠫᠠᠨᠢ ᠪᠠ  ᠤᠯᠠᠭᠠᠨᠬᠠᠳᠠ ᠳᠠᠬᠢ ᠬᠤᠪᠢᠶᠠᠷᠢ ᠺᠣᠮᠫᠠᠨᠢ ᠶᠢᠨ ᠦᠢᠯᠡᠴᠢᠯᠡᠭᠡᠨ ᠤ ᠲᠥᠪ ᠲᠤ ᠲᠤᠰ ᠲᠤᠰ ᠬᠡᠮᠡᠷᠯᠢᠭ ᠲᠤᠭ ᠬᠦᠷᠭᠡᠵᠡᠢ᠃         ᠲᠣᠭᠤᠷᠢᠭ ᠤᠨ ᠡᠷᠡᠭᠦᠯ ᠬᠠᠮᠠᠭᠠᠯᠠᠯ ᠤᠨ ᠲᠣᠪᠴᠢᠶ᠎ᠠ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠪᠠᠯᠭᠠᠰᠤ ᠰᠢᠶᠠᠩ ᠤᠨ ᠶᠠᠳᠠᠭᠤ ᠶᠢ ᠲᠡᠳᠬᠦᠬᠦ ᠠᠵᠢᠯ ᠢ ᠬᠤᠪᠢᠳᠠᠨ ᠬᠠᠷᠭᠤᠴᠠᠵᠤ ᠪᠠᠶᠢᠭ᠎ᠠ ᠬᠠᠷᠢᠭᠤᠴᠠᠯᠭᠠᠲᠠᠨ᠂ ᠶᠠᠳᠠᠭᠤ ᠶᠢ ᠲᠡᠳᠬᠦᠬᠦ ᠲᠤᠰᠬᠠᠢ  ᠺᠠᠳ᠋ᠷ᠂ ᠬᠡᠰᠩ ᠲᠤᠰᠬᠤᠨ ᠤ ᠱᠦᠵᠢ᠂ ᠡᠷᠬᠢᠯᠡᠭᠴᠢ᠂ ᠡᠯ᠎ᠡ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ᠂ ᠬᠡᠰᠩ ᠶᠠᠳᠠᠭᠤ ᠬᠦᠴᠢᠷᠲᠡᠢ ᠭᠡᠷ ᠪᠦᠯᠢ ᠶᠢᠨ ᠲᠥᠯᠥᠭᠡᠯᠡᠭᠴᠢ ᠪᠡᠯᠡᠭᠯᠡᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1