ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ︵ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠪᠠᠭᠲᠠᠨ᠎ᠠ︶ ᠠᠵᠢᠯᠯᠠᠭ᠎ᠠ ᠶᠢᠨ ᠬᠡᠷᠡᠭ ᠶᠠᠪᠤᠳᠠᠯ ᠭᠦᠢᠴᠡᠳᠬᠡᠬᠦ ᠵᠦᠭᠯᠡᠭᠦᠷ
ᠨᠡᠶᠢᠲᠡᠯᠡᠭᠰᠡᠨ ᠴᠠᠭ᠄
2017/11/21
     ᠨᠢᠭᠡ᠂ ᠲᠣᠬᠢᠷᠠᠬᠤ ᠬᠡᠪᠴᠢᠶ᠎ᠡ ᠲᠤᠰ ᠵᠦᠭᠯᠡᠭᠦᠷ ᠨᠢ ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ︵ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠪᠠᠭᠲᠠᠭᠠᠨ᠎ᠠ︶ ᠠᠵᠢᠯᠯᠠᠭ᠎ᠠ ᠭᠤᠶᠤᠴᠢᠯᠠᠬᠤ ᠪᠠ ᠬᠡᠷᠡᠭ ᠶᠠᠪᠤᠳᠠᠯ ᠭᠦᠢᠴᠡᠳᠬᠡᠬᠦ ᠳᠤ ᠬᠡᠷᠡᠭᠯᠡᠬᠦ ᠳᠤ ᠲᠣᠬᠢᠷᠠᠨ᠎ᠠ᠃     ᠬᠤᠶᠠᠷ᠂ ᠭᠤᠶᠤᠴᠢᠯᠠᠬᠤ ᠵᠦᠢᠯᠡᠰ ᠲᠥᠷᠥᠯ ᠵᠦᠢᠯ᠄ ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ︵ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠪᠠᠭᠲᠠᠭᠠᠨ᠎ᠠ︶ ᠠᠵᠢᠯᠯᠠᠭ᠎ᠠ ᠶᠢᠨ ᠭᠤᠶᠤᠴᠢᠯᠠᠯ᠃     ᠭᠤᠷᠪᠠ᠂ ᠬᠠᠤᠯᠢ ᠲᠣᠭᠲᠠᠭᠠᠯ ᠤᠨ ᠦᠨᠳᠦᠰᠦᠯᠡᠯ ︽ᠤᠷᠠᠨ ᠵᠢᠷᠤᠭ ᠤᠨ ᠪᠦᠲᠦᠭᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾᠂ ︽ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾᠂ ︽ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠢ ᠬᠦᠴᠦᠨ ᠦᠭᠡᠢ ᠪᠣᠯᠭᠠᠬᠤ ᠪᠠ ᠳᠣᠷᠣᠭᠰᠢ ᠪᠠᠭᠤᠯᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ︹2013︺ 44 ᠳ᠋ᠤᠭᠠᠷ ᠲᠣᠭᠠᠲᠤ︶᠂ ︽ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠢ ᠳᠣᠷᠣᠭᠰᠢ ᠪᠠᠭᠤᠯᠭᠠᠬᠤ ᠲᠤᠬᠠᠢ ᠰᠣᠶᠣᠯ ᠤᠨ ᠶᠠᠮᠤᠨ ᠤ ᠮᠡᠳᠡᠭᠳᠡᠯ︾ ︵ᠰᠣᠶᠣᠯ ᠵᠠᠬ᠎ᠠ ᠲᠠᠷᠬᠠᠭᠠᠭᠰᠠᠨ ︹2013︺ 60 ᠳ᠋ᠤᠭᠠᠷ ᠲᠣᠭᠠᠲᠤ︶᠃       ᠳᠥᠷᠪᠡ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠠᠶᠢᠭᠤᠯᠭ᠎ᠠ ᠠᠶᠢᠮᠠᠭ ᠬᠤᠲᠠ ᠶᠢᠨ ᠰᠣᠶᠣᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ       ᠲᠠᠪᠤ  ᠂  ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠤᠭ᠎ᠠ ᠬᠡᠮᠵᠢᠶ᠎ᠡ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃       ᠵᠢᠷᠭᠤᠭ᠎ᠠ᠃ ᠭᠤᠶᠤᠴᠢᠯᠠᠬᠤ ᠨᠦᠭᠦᠴᠡᠯ     1. ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠠᠵᠢᠯᠯᠠᠭ᠎ᠠ ᠶᠢ ᠵᠥᠪᠰᠢᠶᠡᠷᠡᠭᠦᠯᠬᠦ ᠨᠦᠭᠦᠴᠡᠯ᠄ ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠪᠠᠶᠢᠭᠤᠯᠭ᠎ᠠ ᠨᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠨ ᠪᠦᠷᠢᠳᠬᠡᠭᠦᠯᠦᠭᠰᠡᠨ᠂ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠬᠢᠷᠢ ᠬᠡᠮ ᠲᠠᠢ ᠠᠵᠤ ᠠᠬᠤᠶᠢᠯᠠᠯ ᠪᠠᠶᠢᠬᠤ ᠬᠡᠷᠡᠭᠲᠡᠢ᠃     2. ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠤᠨ ᠠᠵᠢᠯᠯᠠᠭ᠎ᠠ ᠶᠢ ᠵᠥᠪᠰᠢᠶᠡᠷᠡᠭᠦᠯᠬᠦ ᠨᠥᠬᠦᠴᠡᠯ᠄ ᠭᠤᠣᠯᠯᠠᠨ ᠡᠷᠬᠢᠯᠡᠬᠦ ᠪᠠᠶᠢᠭᠤᠯᠭ᠎ᠠ ᠨᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠠᠶᠢᠬᠤ ᠬᠡᠷᠡᠭᠲᠡᠢ ᠪᠦᠭᠡᠳ᠂ ᠦᠵᠡᠰᠬᠦᠯᠡᠩ ᠭᠠᠷᠭᠠᠬᠤ ᠪᠡᠯᠡ ᠮᠥᠩᠭᠦ ᠪᠠ ᠲᠠᠯᠠᠪᠤᠷ ᠲᠠᠢ ᠪᠠᠶᠢᠬᠤ ᠬᠡᠷᠡᠭᠲᠡᠢ᠃      ᠳᠣᠯᠤᠭ᠎ᠠ᠂ ᠭᠤᠶᠤᠴᠢᠯᠠᠬᠤ ᠠᠷᠭ᠎ᠠ ᠲᠤᠬᠠᠢ ᠶᠢᠨ ᠭᠠᠵᠠᠷ ᠲᠠᠭᠠᠨ ᠭᠤᠶᠤᠴᠢᠯᠠᠨ᠎ᠠ᠃     ᠨᠶᠢᠮᠠ᠂ ᠭᠤᠶᠤᠴᠢᠯᠠᠯ ᠤᠨ ᠮᠠᠲ᠋ᠧᠷᠢᠶᠠᠯ ᠤᠨ ᠨᠠᠷᠢᠨ ᠳᠠᠩᠰᠠ      ︵ᠨᠢᠭᠡ︶ ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠠᠵᠢᠯᠯᠠᠭ᠎ᠠ ᠶᠢᠨ ᠭᠤᠶᠤᠴᠢᠯᠠᠯ     1. ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠭᠤᠶᠤᠴᠢᠯᠠᠯ ᠤᠨ ᠬᠦᠰᠦᠨᠦᠭᠲᠦ︔     2. ᠭᠠᠳᠠᠭᠠᠳᠤ ᠠᠷᠠᠯᠵᠢᠶᠠᠨ ᠤ ᠡᠵᠡᠩᠨᠡᠭᠴᠢ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠬᠦᠰᠦᠨᠦᠭᠲᠦ︔    3. ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠪᠠᠶᠢᠭᠤᠯᠭ᠎ᠠ ᠶᠢᠨ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠳᠠᠷᠤᠮᠠᠯ ᠪᠣᠯᠣᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠳᠠᠷᠤᠮᠠᠯ︔     4. ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠤᠷᠠᠨ ᠵᠢᠷᠤᠭ ᠤᠨ ᠪᠦᠲᠦᠭᠡᠯ ᠤᠨ ᠢᠷᠡᠯᠲᠡ᠂ ᠵᠣᠷᠢᠭᠰᠠᠨ ᠭᠠᠵᠠᠷ᠂ ᠬᠡᠷᠡᠭᠴᠡᠭᠡ︔     5. ᠤᠷᠠᠨ ᠪᠦᠲᠦᠭᠡᠯ ᠤᠨ ᠵᠣᠬᠢᠶᠠᠭᠴᠢᠳ ᠤᠨ ᠨᠡᠷ᠎ᠡ︔     6. ᠤᠷᠠᠯᠢᠭ ᠤᠨ ᠪᠦᠲᠦᠭᠡᠯ ᠤᠨ ᠭᠠᠷᠴᠠᠭ ᠪᠠ ᠲᠠᠨᠢᠯᠴᠠᠭᠤᠯᠭ᠎ᠠ︔    7. ᠭᠠᠷᠳᠠᠨ ᠭᠦᠢᠴᠡᠳᠬᠡᠭᠴᠢ ᠳᠤ ᠣᠯᠭᠤᠭᠰᠠᠨ ᠨᠠᠶᠢᠳᠠᠯᠭ᠎ᠠ ᠶᠢᠨ ᠪᠢᠴᠢᠭ᠂ ᠭᠠᠷᠳᠠᠨ ᠭᠦᠢᠴᠡᠳᠬᠡᠭᠴᠢ ᠶᠢᠨ ᠪᠡᠶ᠎ᠡ ᠶᠢᠨ ᠦᠨᠡᠮᠯᠡᠯ ᠤᠨ ᠳᠠᠷᠤᠮᠠᠯ︔ 8. ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠰᠠᠯᠠᠭ᠎ᠠ ᠮᠥᠴᠢᠷ ᠠᠴᠠ ᠱᠠᠭᠠᠷᠲᠠᠭᠰᠠᠨ ᠪᠤᠰᠤᠳ ᠮᠠᠲ᠋ᠧᠷᠢᠶᠠᠯ᠃     ︵ᠬᠤᠶᠠᠷ︶ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠡᠷᠬᠢᠯᠡᠬᠦ ᠠᠵᠢᠯᠯᠠᠭ᠎ᠠ ᠶᠢᠨ ᠭᠤᠶᠤᠴᠢᠯᠠᠯ     1. ᠭᠤᠶᠤᠴᠢᠯᠠᠬᠤ ᠳᠤ ᠬᠡᠷᠡᠭᠰᠡᠬᠦ ᠮᠠᠲ᠋ᠧᠷᠢᠶᠠᠯ     ︵1︶ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠡᠷᠬᠢᠯᠡᠬᠦ ᠠᠵᠢᠯᠯᠠᠭ᠎ᠠ ᠶᠢᠨ ᠭᠤᠶᠤᠴᠢᠯᠠᠯ ᠤᠨ ᠬᠦᠰᠦᠨᠦᠭᠲᠦ︔      ︵2︶ ᠭᠤᠣᠯᠯᠠᠨ ᠡᠷᠬᠢᠯᠡᠬᠦ ᠪᠤᠶᠤ ᠳᠠᠭᠠᠭᠠᠨ ᠡᠷᠬᠢᠯᠡᠬᠦ ᠪᠠᠶᠢᠭᠤᠯᠭ᠎ᠠ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠳᠠᠷᠤᠮᠠᠯ ᠪᠣᠯᠣᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠳᠠᠷᠤᠮᠠᠯ︔     ︵3︶ ᠭᠠᠳᠠᠭᠠᠳᠤ ᠠᠷᠠᠯᠵᠢᠶᠠᠨ ᠤ ᠡᠵᠡᠩᠨᠡᠭᠴᠢ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠬᠦᠰᠦᠨᠦᠭᠲᠦ︔     ︵4︶ ᠦᠵᠡᠰᠬᠦᠯᠡᠩ ᠤᠨ ᠠᠵᠢᠯᠯᠠᠭ᠎ᠠ ᠶᠢᠨ ᠲᠥᠰᠥᠯ︔     ︵5︶ ᠡᠷᠬᠢᠯᠡᠬᠦ ᠪᠠᠶᠢᠭᠤᠯᠭ᠎ᠠ ᠠᠴᠠ ᠪᠤᠰᠤᠳ ᠬᠤᠯᠪᠣᠭᠳᠠᠯ ᠪᠦᠬᠦᠢ ᠪᠠᠶᠢᠭᠤᠯᠭ᠎ᠠ ᠯᠤᠭ᠎ᠠ ᠲᠣᠭᠲᠠᠭᠰᠠᠨ ᠭᠡᠷ᠎ᠡ ᠪᠤᠶᠤ ᠵᠥᠪᠯᠡᠯᠴᠡᠭᠡᠷ︔      ︵6︶ ᠵᠠᠷᠤᠳᠠᠯ ᠤᠨ ᠲᠥᠰᠥᠪ ᠵᠢᠴᠢ ᠪᠡᠯᠡ ᠮᠥᠩᠭᠦ ᠶᠢᠨ ᠢᠷᠡᠯᠲᠡ ᠶᠢᠨ ᠭᠡᠷᠡᠴᠢ︔      ︵7︶ ᠲᠠᠯᠠᠪᠤᠷ ᠭᠠᠵᠠᠷ ᠬᠡᠷᠡᠭᠯᠡᠬᠦ ᠵᠥᠪᠯᠡᠯᠴᠡᠭᠡᠷ︔      ︵8︶ ᠭᠠᠳᠠᠭᠠᠳᠤ ᠠᠴᠠ ᠳᠤᠮᠳᠠᠳᠤ ᠳᠤ ᠢᠷᠡᠵᠦ ᠦᠵᠡᠰᠬᠦᠯᠡᠩ ᠳᠤ ᠣᠷᠤᠯᠴᠠᠬᠤ ᠭᠠᠳᠠᠭᠠᠳᠤ ᠶᠢᠨ ᠵᠣᠬᠢᠶᠠᠭᠴᠢ ᠪᠤᠶᠤ ᠨᠢᠭᠡᠴᠡ ᠶᠢᠨ ᠪᠠᠶᠢᠳᠠᠯ ᠤᠨ ᠲᠠᠨᠢᠯᠴᠠᠭᠤᠯᠭ᠎ᠠ︔      ︵9︶ ᠭᠠᠳᠠᠭᠠᠳᠤ ᠠᠴᠠ ᠳᠤᠮᠳᠠᠳᠤ ᠳᠤ ᠢᠷᠡᠵᠦ ᠦᠵᠡᠰᠬᠦᠯᠡᠩ ᠳᠤ ᠣᠷᠣᠯᠴᠠᠬᠤ ᠭᠠᠳᠠᠭᠠᠳᠤ ᠶᠢᠨ ᠤᠷᠠᠨ ᠵᠢᠷᠤᠭ ᠤᠨ ᠪᠦᠲᠦᠭᠡᠯ ᠤᠨ ᠭᠠᠷᠴᠠᠭ᠂ ᠵᠢᠷᠤᠭ ᠪᠠ ᠲᠠᠨᠢᠯᠴᠠᠭᠤᠯᠭ᠎ᠠ︔     ︵10︶ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠰᠠᠯᠠᠭ᠎ᠠ ᠮᠥᠴᠢᠷ ᠠᠴᠠ ᠱᠠᠭᠠᠷᠳᠠᠭᠰᠠᠨ ᠪᠤᠰᠤᠳ ᠮᠠᠲ᠋ᠧᠷᠢᠶᠠᠯ᠃       2. ᠴᠠᠭ ᠢᠶᠠᠨ ᠥᠭᠡᠷᠡᠴᠢᠯᠡᠬᠦ ᠳᠤ ᠬᠡᠷᠡᠭᠰᠡᠬᠦ ᠮᠠᠲ᠋ᠧᠷᠢᠶᠠᠯ     ︵1︶ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠶᠢ ᠥᠭᠡᠷᠡᠴᠢᠯᠡᠬᠦ ᠪᠦᠷᠢᠳᠬᠡᠯ ᠤᠨ ᠬᠦᠰᠦᠨᠦᠭᠲᠦ︔     ︵2︶ ᠤᠤᠯ ᠵᠥᠪᠰᠢᠶᠡᠷᠡᠭᠰᠡᠨ ᠪᠢᠴᠢᠭ ᠮᠠᠲ᠋ᠧᠷᠢᠶᠠᠯ︔      ︵3︶ ᠲᠠᠯᠠᠪᠤᠷ ᠭᠠᠵᠠᠷ ᠬᠡᠷᠡᠭᠯᠡᠬᠦ ᠵᠥᠪᠯᠡᠯᠴᠡᠭᠡᠷ᠃     3. ᠲᠠᠯᠠᠪᠤᠷ ᠭᠠᠵᠠᠷ ᠢᠶᠠᠨ ᠥᠭᠡᠷᠡᠴᠢᠯᠡᠬᠦ ᠳᠤ ᠬᠡᠷᠡᠭᠰᠡᠬᠦ ᠮᠠᠲ᠋ᠧᠷᠢᠶᠠᠯ     ︵1︶ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠤᠨ ᠠᠵᠢᠯᠯᠠᠭ᠎ᠠ ᠶᠢ ᠥᠭᠡᠷᠡᠴᠢᠯᠡᠬᠦ ᠪᠦᠷᠢᠳᠬᠡᠯ ᠤᠨ ᠬᠦᠰᠦᠨᠦᠭᠲᠦ︔     ︵2︶ ᠤᠤᠯ ᠵᠥᠪᠰᠢᠶᠡᠷᠡᠭᠰᠡᠨ ᠪᠢᠴᠢᠭ ᠮᠠᠲ᠋ᠧᠷᠢᠶᠠᠯ︔     ︵3︶ ᠲᠠᠯᠠᠪᠤᠷ ᠭᠠᠵᠠᠷ ᠬᠡᠷᠡᠭᠯᠡᠬᠦ ᠵᠥᠪᠯᠡᠯᠴᠡᠭᠡᠷ᠃     4. ᠪᠦᠲᠦᠭᠡᠯ ᠢᠶᠠᠨ ᠥᠭᠡᠷᠡᠴᠢᠯᠡᠬᠦ ᠳᠤ ᠬᠡᠷᠡᠭᠰᠡᠬᠦ ᠮᠠᠲ᠋ᠧᠷᠢᠶᠠᠯ    ︵1︶ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠤᠨ ᠠᠵᠢᠯᠯᠠᠭ᠎ᠠ ᠶᠢ ᠥᠭᠡᠷᠡᠴᠢᠯᠡᠬᠦ ᠪᠦᠷᠢᠳᠬᠡᠯ ᠤᠨ ᠬᠦᠰᠦᠨᠦᠭᠲᠦ︔    ︵2︶ ᠤᠤᠯ ᠵᠥᠪᠰᠢᠶᠡᠷᠡᠭᠰᠡᠨ ᠪᠢᠴᠢᠭ ᠮᠠᠲ᠋ᠧᠷᠢᠶᠠᠯ︔    ︵3︶ ᠭᠠᠳᠠᠭᠠᠳᠤ ᠠᠴᠠ ᠳᠤᠮᠳᠠᠳᠤ ᠳᠤ ᠢᠷᠡᠵᠦ ᠦᠵᠡᠰᠬᠦᠯᠡᠩ ᠳᠤ ᠣᠷᠣᠯᠴᠠᠬᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠶᠢᠨ ᠤᠷᠠᠨ ᠵᠢᠷᠤᠭ ᠤᠨ ᠵᠣᠬᠢᠶᠠᠭᠴᠢ ᠪᠤᠶᠤ ᠨᠢᠭᠡᠴᠡ ᠶᠢᠨ ᠪᠠᠶᠢᠳᠠᠯ ᠤᠨ ᠲᠠᠨᠢᠯᠴᠠᠭᠤᠯᠭ᠎ᠠ︔    ︵4︶ ᠭᠠᠳᠠᠭᠠᠳᠤ ᠠᠴᠠ ᠳᠤᠮᠳᠠᠳᠤ ᠳᠤ ᠢᠷᠡᠵᠦ ᠦᠵᠡᠰᠬᠦᠯᠡᠩ ᠳᠤ ᠣᠷᠣᠯᠴᠠᠬᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠶᠢᠨ ᠤᠷᠠᠨ ᠵᠢᠷᠤᠭ ᠤᠨ ᠪᠦᠲᠦᠭᠡᠯ ᠤᠨ ᠭᠠᠷᠴᠠᠭ᠂ ᠵᠢᠷᠤᠭ ᠪᠠ ᠲᠠᠨᠢᠯᠴᠠᠭᠤᠯᠭ᠎ᠠ︔     ︵ᠭᠤᠷᠪᠠ︶ ᠪᠦᠷᠢᠨ ᠲᠦᠬᠦᠷ ᠳᠦᠷᠢᠮ ᠲᠣᠭᠲᠠᠭᠠᠯ     1. ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠣᠯᠭᠠᠬᠤ ᠳᠣᠣᠷᠠᠬᠢ ᠪᠠᠶᠢᠳᠠᠯ ᠠᠴᠠ ᠠᠯᠢ ᠨᠢᠭᠡ ᠨᠢ ᠪᠠᠶᠢᠬᠤ ᠳᠤ ᠬᠦᠷᠪᠡᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠨᠢ ᠲᠣᠲᠣᠷᠬᠠᠶᠢᠯᠠᠨ᠎ᠠ     ︵1︶ ᠬᠢᠨᠠᠨ ᠵᠥᠪᠰᠢᠶᠡᠷᠡᠬᠦ ᠠᠵᠢᠯᠲᠠᠨ ᠡᠷᠬᠡ ᠪᠠᠨ ᠳᠤᠷ᠎ᠠ ᠪᠠᠷ ᠢᠶᠠᠨ ᠬᠡᠷᠡᠭᠯᠡᠭᠰᠡᠨ ᠪᠤᠶᠤ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠵᠤ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠭᠠᠷᠭᠠᠭᠰᠠᠨ︔     ︵2︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠠᠴᠠ ᠪᠠᠨ ᠳᠠᠪᠠᠵᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ︔      ︵3︶ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠠᠴᠠ ᠵᠥᠷᠢᠴᠡᠵᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ︔     ︵4︶ ᠭᠤᠶᠤᠴᠢᠯᠠᠬᠤ ᠬᠢᠷᠢ ᠬᠡᠮ ᠦᠭᠡᠢ ᠪᠤᠶᠤ ᠬᠠᠤᠯᠢ ᠳᠤ ᠲᠣᠭᠲᠠᠭᠠᠭᠰᠠᠨ ᠨᠦᠭᠦᠴᠡᠯ ᠳᠤ ᠥᠯᠥ ᠨᠡᠶᠢᠴᠡᠬᠦ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ︔    ︵5︶ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠮᠡᠬᠡᠯᠡᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠵᠥᠪᠰᠢᠶᠡᠷᠡᠯ ᠣᠯᠣᠭᠰᠠᠨ︔     ︵6︶ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠪᠤᠰᠤᠳ ᠪᠠᠶᠢᠳᠠᠯ᠃     2. ᠭᠤᠶᠤᠴᠢᠯᠠᠭᠴᠢ ᠥᠪᠡᠷ ᠢᠶᠠᠨ ᠥᠭᠡᠷᠡᠴᠢᠯᠡᠬᠦ ᠪᠤᠶᠤ ᠬᠦᠴᠦᠨ ᠦᠭᠡᠢ ᠪᠣᠯᠭᠠᠬᠤ ᠭᠤᠶᠤᠴᠢᠯᠠᠭᠴᠢ ᠨᠢ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠭᠠᠷᠭᠠᠬᠤ ᠠᠴᠠ ᠡᠮᠦᠨ᠎ᠡ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢᠶᠠᠨ ᠬᠦᠴᠦᠨ ᠦᠭᠡᠢ ᠪᠣᠯᠭᠠᠬᠤ ᠪᠠᠷ ᠪᠢᠴᠢᠭ ᠢᠶᠠᠷ ᠭᠤᠶᠤᠴᠢᠯᠠᠭᠰᠠᠨ ᠪᠣᠯ᠂ ᠵᠠᠰᠠᠭ ᠵᠠᠬᠢᠷᠭᠠᠨ ᠤ ᠵᠥᠪᠰᠢᠶᠡᠷᠡᠯ ᠢ ᠵᠣᠭᠰᠣᠭᠠᠬᠤ ᠶᠢᠨ ᠬᠠᠮᠲᠤ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠃ ᠭᠤᠶᠤᠴᠢᠯᠠᠭᠴᠢ ᠨᠢ ᠵᠥᠪᠰᠢᠶᠡᠷᠡᠯ ᠤᠨ ᠳᠡᠰ ᠳᠠᠷᠠᠭᠠᠯᠠᠯ ᠤᠨ ᠶᠠᠪᠤᠴᠠ ᠳᠤᠮᠳᠠ ᠰᠠᠨᠠᠭᠠᠴᠢᠯᠠᠭ᠎ᠠ ᠠᠴᠠ ᠪᠠᠨ ᠭᠤᠶᠤᠴᠢᠯᠠᠯ ᠢᠶᠠᠨ ᠥᠭᠡᠷᠡᠴᠢᠯᠡᠬᠦ ᠪᠤᠶᠤ ᠪᠤᠴᠠᠭᠠᠬᠤ ᠡᠷᠬᠡ ᠲᠠᠢ᠃ ᠶᠢᠰᠦ᠂ ᠲᠣᠭᠲᠠᠭᠠᠯ ᠢ ᠢᠯᠡ ᠨᠡᠶᠢᠲᠡᠯᠡᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 2 ᠠᠵᠢᠯ ᠤᠨ ᠡᠳᠦᠷ ᠳᠣᠲᠤᠷ᠎ᠠ᠂ ᠵᠥᠪᠰᠢᠶᠡᠷᠡᠯ ᠣᠯᠭᠤᠭᠰᠠᠨ ᠪᠠᠶᠢᠭᠤᠯᠭ᠎ᠠ ᠶᠢᠨ ᠠᠯᠪᠠᠨ ᠰᠦᠯᠵᠢᠶ᠎ᠡ ᠳᠡᠭᠡᠷ᠎ᠡ ᠬᠢᠨᠠᠨ ᠵᠥᠪᠰᠢᠶᠡᠷᠡᠭᠰᠡᠨ ᠳ᠋ᠦᠩ ᠢ ᠨᠡᠶᠢᠲᠡᠯᠡᠨ᠎ᠡ᠃ ᠭᠤᠶᠤᠴᠢᠯᠠᠭᠴᠢ ᠨᠢ ᠰᠦᠯᠵᠢᠶᠡᠨ ᠳᠡᠭᠡᠷ᠎ᠡ ᠨᠡᠶᠢᠲᠡᠯᠡᠭᠰᠡᠨ ᠦᠨᠡᠮᠯᠡᠯ ᠠᠪᠬᠤ ᠴᠠᠭ ᠬᠤᠭᠤᠴᠠᠭ᠎ᠠ ᠪᠤᠶᠤ ᠣᠬᠤᠷ ᠮᠡᠳᠡᠭᠡᠨ ᠤ ᠮᠡᠳᠡᠭᠳᠡᠯ ᠶᠣᠰᠣᠭᠠᠷ᠂ ᠬᠦᠴᠦᠨ ᠲᠠᠢ ᠦᠨᠡᠮᠯᠡᠯ ᠢᠶᠠᠨ ᠠᠪᠴᠤ ᠵᠥᠪᠰᠢᠶᠡᠷᠡᠯ ᠤᠨ ᠠᠯᠪᠠᠨ ᠪᠢᠴᠢᠭ ᠢ ᠠᠪᠤᠨ᠎ᠠ᠃ ᠠᠷᠪᠠ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠡᠩ ᠤᠨ ᠴᠢᠨᠠᠷ ᠲᠠᠢ ᠡᠵᠡᠩᠨᠡᠯᠲᠡ ᠶᠢᠨ ᠠᠵᠢᠯᠯᠠᠭ᠎ᠠ ᠳᠤ ᠵᠥᠪᠰᠢᠶᠡᠷᠡᠯ ᠣᠯᠭᠤᠬᠤ ᠳᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 3 ᠡᠳᠦᠷ ᠤᠨ ᠳᠣᠲᠤᠷ᠎ᠠ ᠲᠣᠭᠲᠠᠭᠠᠯ ᠭᠠᠷᠭᠠᠨ᠎ᠠ︔ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠬᠢᠨᠠᠨ ᠵᠥᠪᠰᠢᠶᠡᠷᠡᠬᠦ ᠳᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠤᠷ᠎ᠠ ᠲᠣᠭᠲᠠᠭᠠᠯ ᠭᠠᠷᠭᠠᠵᠤ᠂ ᠵᠥᠪᠰᠢᠶᠡᠷᠡᠭᠰᠡᠨ ᠳᠤᠨᠢ᠂ ᠵᠥᠪᠰᠢᠶᠡᠷᠡᠯ ᠤᠨ ᠪᠢᠴᠢᠭ ᠮᠠᠲ᠋ᠧᠷᠢᠶᠠᠯ ᠣᠯᠭᠤᠨ᠎ᠠ︔ ᠵᠥᠪᠰᠢᠶᠡᠷᠡᠭᠰᠡᠨ ᠦᠭᠡᠢ ᠪᠣᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠲᠣᠲᠣᠷᠬᠠᠶᠢᠯᠠᠵᠤ ᠥᠭᠭᠦᠨ᠎ᠡ᠃ ᠠᠶᠢᠮᠠᠭ ᠬᠤᠲᠠ ᠶᠢᠨ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠥᠪᠰᠢᠶᠡᠷᠡᠯ ᠭᠤᠶᠤᠴᠢᠯᠠᠭᠰᠠᠨ ᠤᠷᠠᠨ ᠵᠢᠷᠤᠭ ᠤᠨ ᠪᠦᠲᠦᠭᠡᠯ ᠤᠨ ᠠᠭᠤᠯᠭ᠎ᠠ ᠳᠤ ᠰᠡᠵᠢᠭ ᠲᠠᠢ ᠪᠣᠯ᠂ ᠳᠡᠭᠡᠳᠦ ᠱᠠᠲᠤᠨ ᠤ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠡᠪᠰᠢᠭᠦᠯᠦᠨ ᠥᠭᠴᠦ ᠲᠠᠬᠢᠨ ᠬᠢᠨᠠᠭᠤᠯᠵᠤ ᠪᠣᠯᠣᠨ᠎ᠠ᠃ ᠳᠡᠭᠡᠳᠦ ᠱᠠᠲᠤᠨ ᠤ ᠰᠣᠶᠣᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠤᠷ᠎ᠠ ᠳᠠᠬᠢᠨ ᠬᠢᠨᠠᠭᠰᠠᠨ ᠰᠠᠨᠠᠯ ᠢᠶᠠᠨ ᠳᠤᠷᠠᠳᠤᠨ᠎ᠠ᠃ ᠲᠠᠬᠢᠨ ᠬᠢᠨᠠᠭᠰᠠᠨ ᠴᠠᠭ ᠬᠤᠭᠤᠴᠠᠭ᠎ᠠ ᠶᠢ ᠠᠶᠢᠮᠠᠭ ᠬᠤᠲᠠ ᠶᠢᠨ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠶᠤᠰᠤᠲᠠᠢ ᠴᠠᠭ ᠤᠨ ᠬᠢᠵᠠᠭᠠᠷ ᠲᠤ ᠪᠣᠳᠣᠵᠤ ᠣᠷᠤᠭᠤᠯᠬᠤ ᠦᠭᠡᠢ᠃ ᠠᠷᠪᠠᠨ ᠨᠢᠭᠡ᠂ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠷᠠᠨ ᠵᠢᠷᠤᠭ ᠤᠨ ᠪᠦᠲᠦᠭᠡᠯ ᠢ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠠᠵᠢᠯᠯᠠᠭ᠎ᠠ ᠶᠢ ᠵᠥᠪᠰᠢᠶᠡᠷᠡᠭᠰᠡᠨ ᠪᠤᠶᠤ ᠭᠠᠳᠠᠭᠠᠳᠤ ᠲᠠᠢ ᠬᠤᠯᠪᠣᠭᠳᠠᠬᠤ ᠬᠤᠳᠠᠯᠳᠤᠭᠠᠨ ᠤ ᠴᠢᠨᠠᠷ ᠲᠠᠢ ᠦᠵᠡᠰᠬᠦᠯᠡᠩ ᠡᠷᠬᠢᠯᠡᠬᠦ ᠠᠵᠢᠯᠯᠠᠭ᠎ᠠ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃ ᠠᠷᠪᠠᠨ ᠬᠤᠶᠠᠷ᠂ ᠵᠠᠷᠤᠳᠠᠯ ᠬᠤᠷᠢᠶᠠᠬᠤ ᠦᠨᠳᠦᠰᠦᠯᠡᠯ ᠪᠣᠯᠣᠨ ᠪᠠᠷᠢᠮᠵᠢᠶ᠎ᠠ ᠲᠤᠰ ᠵᠠᠰᠠᠭ ᠵᠠᠬᠢᠷᠭᠠᠨ ᠤ ᠵᠥᠪᠰᠢᠶᠡᠷᠡᠯ ᠳᠤ ᠵᠠᠷᠤᠳᠠᠯ ᠬᠤᠷᠢᠶᠠᠬᠤ ᠦᠭᠡᠢ᠃ ᠠᠷᠪᠠᠨ      ᠭᠤᠷᠪᠠ᠂ ᠭᠤᠶᠤᠴᠢᠯᠠᠭᠴᠢ ᠶᠢᠨ ᠡᠷᠬᠡ ᠠᠰᠢᠭ ᠪᠠ ᠡᠭᠦᠷᠭᠡ    ︵ᠨᠢᠭᠡ︶ ᠭᠤᠶᠤᠴᠢᠯᠠᠭᠴᠢ ᠳᠣᠣᠷᠠᠬᠢ ᠮᠡᠲᠦ ᠬᠠᠤᠯᠢ ᠶᠣᠰᠣᠨ ᠤ ᠡᠷᠬᠡ ᠠᠰᠢᠭ ᠢ ᠬᠦᠷᠲᠡᠨ᠎ᠡ    1. ᠬᠠᠤᠯᠢ ᠶᠣᠰᠣᠭᠠᠷ ᠪᠠᠶᠢᠳᠠᠯ ᠢ ᠮᠡᠳᠡᠬᠦ ᠡᠷᠬᠡ᠂ ᠲᠣᠭᠠᠴᠢᠬᠤ ᠡᠷᠬᠡ᠂ ᠵᠦᠪᠳᠡᠭᠡᠬᠦ ᠡᠷᠬᠡ ᠲᠠᠢ︔     2. ᠬᠠᠤᠯᠢ ᠶᠣᠰᠣᠭᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ︔    3. ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠳᠤ ᠪᠠᠨ ᠬᠠᠤᠯᠢ ᠠᠴᠠ ᠵᠦᠷᠢᠴᠡᠵᠦ ᠭᠤᠶᠤᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠣᠯ᠂ ᠬᠠᠤᠯᠢ ᠶᠣᠰᠣᠭᠠᠷ ᠲᠥᠯᠥᠪᠥᠷᠢ ᠱᠠᠭᠠᠷᠳᠠᠬᠤ ᠡᠷᠬᠡ ᠲᠠᠢ᠃     ︵ᠬᠤᠶᠠᠷ︶ ᠭᠤᠶᠤᠴᠢᠯᠠᠭᠴᠢ ᠬᠠᠤᠯᠢ ᠶᠣᠰᠣᠭᠠᠷ ᠳᠣᠣᠷᠠᠬᠢ ᠡᠭᠦᠷᠭᠡ ᠶᠢ ᠭᠦᠢᠴᠡᠳᠬᠡᠬᠦ ᠬᠡᠷᠡᠭᠲᠡᠢ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠪᠦᠷᠢᠨ ᠲᠤᠰᠢᠶᠠᠬᠤ ᠪᠠ ᠦᠨᠡᠨ ᠪᠠᠶᠢᠳᠠᠯ ᠢᠶᠠᠨ ᠲᠤᠰᠬᠠᠬᠤ ᠶᠢᠨ ᠬᠠᠮᠲᠤ ᠭᠤᠶᠤᠴᠢᠯᠠᠯ ᠤᠨ ᠮᠠᠲ᠋ᠧᠷᠢᠶᠠᠯ ᠤᠨ ᠪᠤᠳᠠᠳᠤ ᠠᠭᠤᠯᠭ᠎ᠠ ᠶᠢᠨ ᠦᠨᠡᠨ ᠪᠣᠲᠠᠲᠤ ᠴᠢᠨᠠᠷ ᠲᠤ ᠬᠠᠷᠢᠴᠠᠭᠤᠯᠭ᠎ᠠ ᠡᠭᠦᠷᠭᠡᠯᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1