| | ᠨᠢᠭᠡ᠂ ᠬᠢᠨᠠᠨ ᠵᠦᠪᠰᠢᠶᠡᠡᠬᠦ ᠲᠡᠰ ᠳᠠᠷᠠᠭᠠᠯᠠᠯ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ ᠪᠤᠰᠤ | ᠰᠤᠷᠭᠠᠨ ᠬᠦᠮᠦᠵᠢᠯ ᠤᠨ ᠪᠠᠶᠢᠭᠤᠯᠤᠮᠵᠢ ᠡᠷᠬᠢᠯᠡᠭᠴᠢᠳ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ | ᠪᠤᠰᠤ ᠰᠤᠷᠭᠠᠨ ᠬᠦᠮᠦᠵᠢᠯ ᠤᠨ ᠪᠠᠶᠢᠭᠤᠯᠤᠮᠵᠢ ᠡᠷᠬᠢᠯᠡᠬᠦ ᠪᠠᠷ ᠭᠤᠶᠤᠴᠢᠯᠠᠬᠤ ᠳᠠᠭᠠᠨ ᠰᠠᠨᠠᠮᠵᠢ ᠪᠠᠨ ᠲᠤᠷᠠᠳᠬᠤ ᠶᠢᠨ | ᠬᠠᠮᠳᠤ ᠨᠢᠭᠡᠨ ᠬᠤᠪᠢ ᠪᠤᠯᠤᠮᠵᠢᠳᠤ ᠴᠢᠨᠠᠷ ᠪᠦᠬᠦᠢ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠳᠠ ᠶᠢᠨ | ᠮᠡᠳᠡᠭᠦᠯᠤᠯᠳᠠ ᠶᠢ ᠮᠡᠳᠡᠭᠦᠯᠦᠨ ᠬᠦᠷᠭᠡᠨ᠎ᠡ᠃ ᠡᠷᠬᠢᠯᠡᠬᠦ ᠨᠦᠬᠦᠴᠡᠯ ᠳᠤ ᠦᠨᠳᠤᠰᠤᠨ ᠳᠡᠭᠡᠨ ᠨᠡᠶᠢᠴᠡᠭᠰᠡᠨ ᠪᠤᠯ ᠬᠢᠨᠠᠨ | ᠵᠦᠪᠰᠢᠶᠡᠷᠡᠬᠦ ᠪᠠᠶᠢᠭᠤᠯᠭ᠎ᠠ ᠠᠴᠠ ᠬᠡᠷᠡᠭᠴᠡᠭᠡ ᠪᠦᠬᠦᠢ ᠭᠤᠶᠤᠴᠢᠯᠠᠨ ᠡᠷᠬᠢᠯᠡᠬᠦ ᠮᠠᠲ᠋ᠧᠷᠢᠶᠠᠯ ᠤᠨ ᠠᠭᠤᠯᠭ᠎ᠠ ᠪᠤᠯᠤᠨ | ᠱᠠᠭᠠᠷᠳᠠᠯᠭ᠎ᠠ ᠶᠢ ᠬᠡᠯᠡᠵᠦ ᠦᠭᠬᠦᠨ᠎ᠡ᠃ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ | ᠬᠦᠮᠦᠵᠢᠯ ᠤᠨ ᠪᠠᠶᠢᠭᠤᠯᠤᠮᠵᠢ ᠡᠷᠬᠢᠯᠡᠭᠴᠢᠳ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠡᠷᠬᠢᠯᠡᠬᠦ ᠬᠦᠮᠤᠨ ᠤ ᠭᠠᠷ ᠤᠨ | ᠦᠰᠦᠭ ᠵᠢᠷᠤᠨ ᠳᠠᠮᠠᠭ᠎ᠠ ᠳᠠᠷᠤᠭᠰᠠᠨ ᠰᠤᠷᠭᠠᠭᠤᠯᠢ ᠡᠷᠬᠢᠯᠡᠬᠦ ᠭᠤᠶᠤᠴᠢᠯᠠᠯ ᠤᠨ ᠪᠢᠴᠢᠭ ᠵᠢᠴᠢ ᠬᠠᠮᠢᠶ᠎ᠠ ᠪᠦᠬᠦᠢ | ᠮᠠᠲ᠋ᠧᠷᠢᠶᠠᠯ ᠢ ᠲᠤᠰᠢᠶᠠᠨ᠎ᠠ᠃ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ | ᠨᠠᠮᠳᠠᠷ ᠤᠨ ᠪᠤᠰᠤ ᠰᠤᠷᠭᠠᠨ ᠬᠦᠮᠦᠵᠢᠯ ᠤᠨ ᠪᠠᠶᠢᠭᠤᠯᠤᠮᠵᠢ ᠪᠠᠶᠢᠭᠤᠯᠬᠤ ᠬᠡᠵᠦ ᠪᠠᠶᠢᠭ᠎ᠠ ᠵᠢᠭᠠᠨ ᠰᠤᠷᠭᠠᠬᠤ ᠭᠠᠵᠠᠷ | ᠲᠠᠯᠠᠪᠤᠷ᠂ ᠵᠢᠭᠠᠨ ᠰᠤᠷᠭᠠᠬᠤ ᠪᠡᠯᠡᠳᠬᠡᠮᠵᠢ᠂ ᠲᠦᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠬᠦᠷᠴᠤ ᠪᠠᠶᠢᠴᠠᠭᠠᠨ᠎ᠠ᠃ | ᠬᠢᠨᠠᠨ ᠵᠦᠪᠰᠢᠶᠡᠷᠡᠬᠦ ᠪᠠᠶᠢᠭᠤᠯᠭ᠎ᠠ ᠭᠤᠶᠤᠴᠢᠯᠠᠯ ᠢ ᠬᠦᠯᠢᠶᠡᠨ ᠠᠪᠴᠤ ᠭᠦᠢᠴᠡᠳᠭᠡᠬᠦ ᠳᠡᠭᠡᠨ᠂ ᠭᠤᠶᠤᠴᠢᠯᠠᠯ ᠢ | ᠬᠦᠯᠢᠶᠠᠨ ᠠᠪᠤᠭᠰᠠᠨ ᠡᠳᠤᠷ ᠠᠴᠠ ᠪᠠᠨ ᠡᠬᠢᠯᠡᠨ ᠭᠤᠷᠪᠠᠨ ᠰᠠᠷ᠎ᠠ ᠶᠢᠨ ᠳᠤᠳᠤᠷ᠎ᠠ ᠬᠢᠨᠠᠨ ᠵᠦᠪᠰᠢᠶᠡᠷᠡᠬᠦ ᠪᠠ ᠳᠡᠭᠡᠳᠤ | ᠱᠠᠳᠤᠨ ᠤ ᠪᠠᠶᠢᠭᠤᠯᠭ᠎ᠠ ᠳᠤ ᠮᠡᠳᠡᠭᠦᠯᠦᠨ ᠳᠠᠩᠰᠠᠯᠠᠭᠤᠯᠬᠤ ᠶᠠᠪᠤᠳᠠᠯ ᠢ ᠪᠡᠶᠡᠯᠡᠬᠦᠯᠦᠨ᠎ᠡ᠃ ᠰᠤᠷᠭᠠᠭᠤᠯᠢ | ᠪᠠᠶᠢᠭᠤᠯᠬᠤ ᠶᠢ ᠨᠢ ᠵᠦᠪᠰᠢᠶᠡᠷᠡᠬᠦ ᠦᠬᠡᠢ ᠪᠤᠯ ᠭᠤᠶᠤᠴᠢᠯᠠᠯ ᠤᠨ ᠮᠠᠲ᠋ᠧᠷᠢᠶᠠᠯ ᠢ ᠨᠢ ᠪᠤᠴᠠᠭᠠᠬᠤ ᠶᠢᠨ ᠬᠠᠮᠳᠤ ᠤᠴᠢᠷ | ᠰᠢᠯᠳᠠᠭᠠᠨ ᠢ ᠨᠢ ᠲᠤᠳᠤᠷᠬᠠᠶᠢᠯᠠᠵᠦ ᠦᠭᠭᠦᠨ᠎ᠡ᠃ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠠᠷᠠᠳ ᠠᠴᠠ ᠡᠷᠬᠢᠯᠡᠭᠰᠡᠨ | ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ ᠤᠨ ᠪᠠᠶᠢᠭᠤᠯᠤᠮᠵᠢ ᠪᠠᠶᠢᠭᠤᠯᠬᠤ ᠶᠢ ᠨᠢ ᠵᠦᠪᠰᠢᠶᠡᠷᠡᠭᠰᠡᠨ | ᠴᠤᠬᠤᠯᠠᠪᠤᠷᠢ ᠪᠢᠴᠢᠭ ᠮᠠᠲ᠋ᠧᠷᠢᠶᠠᠯ ᠪᠠᠭᠤᠯᠭᠠᠵᠦ᠂ ︽ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠦᠨᠡᠮᠯᠡᠯ︾ | ᠬᠢᠨᠠᠨ ᠤᠯᠭᠤᠨ᠎ᠠ᠃ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ ᠤᠨ | ᠪᠠᠶᠢᠭᠤᠯᠤᠮᠵᠢ ᠡᠷᠬᠢᠯᠡᠭᠴᠢᠳ ︽ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ︾ | ᠤᠨ ᠬᠠᠭᠤᠯᠪᠤᠷᠢ ᠳᠡᠪᠳᠡᠷ ᠪᠤᠯᠤᠨ ᠪᠠᠭᠤᠯᠭᠠᠪᠤᠷᠢ ᠪᠠᠷ ᠢᠶᠠᠨ᠂ ᠠᠷᠠᠳ ᠤᠨ ᠶᠠᠪᠤᠳᠠᠯ ᠤᠨ ᠲᠤᠪᠴᠢᠶ᠎ᠠ ᠪᠠᠷ | ᠬᠠᠤᠯᠢ ᠶᠢᠨ ᠬᠦᠮᠤᠨ ᠤ ᠪᠦᠷᠢᠳᠭᠡᠯ ᠬᠢᠯᠭᠡᠬᠦ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠲᠠᠮᠠᠭ᠎ᠠ ᠰᠢᠢᠯᠡᠭᠦᠯᠬᠦ᠂ | ᠪᠠᠷᠠᠭᠠᠨ ᠤ ᠦᠨ᠎ᠡ ᠶᠢᠨ ᠲᠤᠪᠴᠢᠶ᠎ᠠ ᠪᠠᠷ ᠵᠠᠷᠤᠳᠠᠯ ᠬᠤᠷᠢᠶᠠᠬᠤ ᠵᠦᠪᠰᠢᠶᠡᠷᠡᠯ ᠤᠯᠭᠤᠬᠤ᠂ ᠮᠡᠷᠭᠡᠵᠢᠯ ᠤᠨ ᠬᠢᠨᠠᠯᠳᠠ | ᠳᠠᠯᠪᠢᠬᠤ ᠲᠤᠪᠴᠢᠶ᠎ᠠ ᠪᠠᠷ ᠬᠠᠤᠯᠢ ᠶᠢᠨ ᠬᠦᠮᠤᠨ ᠤ ᠤᠷᠤᠯᠠᠬᠤ ᠨᠤᠮᠧᠷ ᠦᠭᠬᠦᠬᠦᠯᠬᠦ᠂ ᠪᠠᠩᠬᠢ ᠳᠤ ᠳᠠᠩᠰᠠᠨ ᠡᠷᠤᠬᠡ | ᠨᠡᠭᠡᠬᠡᠬᠦ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠪᠠᠷ ᠭᠠᠶᠢᠯᠢ ᠶᠢᠨ ᠪᠦᠷᠢᠳᠭᠡᠯ ᠬᠢᠯᠭᠡᠬᠦ ᠵᠡᠷᠭᠡ ᠭᠠᠷᠳᠠᠮ ᠤᠳ ᠢ | ᠬᠦᠢᠴᠡᠳᠭᠡᠨ᠎ᠡ᠃ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ ᠤᠨ | ᠪᠠᠶᠢᠭᠤᠯᠤᠮᠵᠢ ᠨᠢ ᠰᠤᠷᠭᠠᠭᠤᠯᠢ ᠶᠢᠨ ᠠᠯᠪᠠᠨ ᠳᠠᠮᠠᠭ᠎ᠠ᠂ ᠡᠳ᠋ ᠤᠨ ᠶᠠᠪᠤᠳᠠᠯ ᠤᠨ ᠳᠠᠮᠠᠭ᠎ᠠ ᠪᠠᠨ ᠠᠪᠴᠤ ᠬᠢᠨᠠᠨ | ᠵᠦᠪᠰᠢᠶᠡᠷᠡᠬᠦ ᠪᠠᠶᠢᠭᠤᠯᠭ᠎ᠠ ᠳᠤ ᠬᠦᠷᠴᠤ ᠲᠠᠮᠠᠭᠠᠨ ᠬᠡᠪ ᠨᠡᠮᠡᠨ ᠲᠠᠷᠤᠭᠤᠯᠵᠦ᠂ ᠪᠠᠩᠬᠢ ᠶᠢᠨ ᠳᠠᠩᠰᠠᠨ ᠨᠤᠮᠧᠷ ᠪᠤᠯᠤᠨ | ᠵᠠᠷᠤᠳᠠᠯ ᠬᠤᠷᠢᠶᠡᠬᠤ ᠵᠦᠪᠰᠢᠶᠡᠷᠡᠯ ᠤᠨ ᠦᠨᠡᠮᠯᠡᠯ ᠤᠨ ᠳ᠋ᠤᠭᠠᠷᠯᠠᠯ ᠢ ᠳᠡᠮᠳᠡᠭᠯᠡᠭᠦᠯᠵᠦ᠂ ︽ᠠᠷᠠᠳ ᠠᠴᠠ ᠡᠷᠬᠢᠯᠡᠭᠰᠡᠨ | ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ︾ ᠤᠨ ᠵᠢᠩᠬᠢᠨᠢ ᠳᠡᠪᠳᠡᠷ ᠢ ᠠᠪᠤᠨ᠎ᠠ᠃ | ᠬᠤᠶᠠᠷ᠂ ᠪᠠᠷᠢᠮᠵᠢᠶ᠎ᠠ ᠪᠤᠯᠤᠨ ᠱᠠᠭᠠᠷᠳᠠᠯᠭ᠎ᠠ | ︵ᠨᠢᠭᠡ︶ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ ᠤᠨ | ᠪᠠᠶᠢᠭᠤᠯᠤᠮᠵᠢ ᠡᠷᠬᠢᠯᠡᠬᠦ ᠪᠠᠷ ᠭᠤᠶᠤᠴᠢᠯᠠᠬᠤ ᠳᠤ᠂ ᠡᠷᠬᠢᠯᠡᠬᠦ ᠬᠦᠮᠤᠨ ᠨᠢ ᠰᠤᠷᠭᠠᠭᠤᠯᠢ ᠡᠷᠬᠢᠯᠡᠬᠦ ᠬᠢᠷᠢ ᠬᠡᠮ ᠲᠠᠢ᠂ | ᠰᠤᠷᠭᠠᠭᠤᠯᠢ ᠡᠷᠬᠢᠯᠡᠬᠦ ᠦᠨᠳᠤᠰᠤᠨ ᠨᠦᠭᠦᠴᠡᠯ ᠲᠠᠢ ᠪᠠᠶᠢᠬᠤ ᠬᠡᠷᠡᠭᠲᠠᠢ᠃ | 1᠂ ᠰᠤᠷᠭᠠᠭᠤᠯᠢ ᠡᠷᠬᠢᠯᠡᠬᠦ ᠬᠢᠷᠢ ᠬᠡᠮ | ① ᠨᠢᠭᠡᠴᠡ ᠰᠤᠷᠭᠠᠭᠤᠯᠢ ᠡᠷᠬᠢᠯᠡᠬᠦ ᠪᠠᠷ ᠭᠤᠶᠤᠴᠢᠯᠠᠪᠠᠯ᠂ ᠡᠷᠬᠡᠪᠰᠢ ᠪᠡᠶ᠎ᠡ ᠪᠠᠨ ᠳᠠᠭᠠᠭᠠᠭᠰᠠᠨ ᠬᠠᠤᠯᠢ ᠶᠢᠨ | ᠬᠦᠮᠤᠨ ᠤ ᠬᠢᠷᠢ ᠬᠡᠮ ᠲᠠᠢ ᠤᠯᠤᠰ ᠤᠨ ᠳᠤᠳᠤᠭᠠᠳᠤ ᠶᠢᠨ ᠠᠵᠦ ᠠᠬᠤᠶᠢᠯᠠᠯ᠂ ᠠᠵᠢᠯ ᠦᠢᠯᠡᠰ ᠤᠨ ᠵᠤᠬᠢᠶᠠᠨ | ᠪᠠᠶᠢᠭᠤᠯᠤᠯᠳᠠ ᠪᠠᠶᠢᠵᠦ᠂ ᠨᠡᠶᠢᠭᠡᠮ ᠤᠨ ᠪᠦᠯᠭᠦᠮ ᠪᠤᠶᠤ ᠨᠡᠶᠢᠭᠡᠮ ᠤᠨ ᠪᠤᠰᠤᠳ ᠵᠤᠬᠢᠶᠠᠨ ᠪᠠᠶᠢᠭᠤᠯᠤᠯᠳᠠ ᠪᠤᠯᠤᠨ | ᠬᠤᠪᠢ ᠬᠦᠮᠤᠨ᠂ ᠠᠵᠦ ᠠᠬᠤᠶᠢᠯᠠᠯ ᠰᠤᠷᠭᠠᠭᠤᠯᠢ ᠡᠷᠬᠢᠯᠡᠬᠦ ᠳᠤ ᠡᠷᠬᠡᠪᠰᠢ ᠮᠠᠰᠢ ᠰᠠᠶᠢᠨ ᠢᠳᠡᠭᠡᠯ ᠬᠦᠨᠳᠤᠲᠠᠢ | ᠪᠦᠭᠡᠳ ᠵᠤᠬᠢᠬᠤ ᠬᠡᠪᠴᠢᠶ᠎ᠡ ᠲᠠᠢ ᠪᠠᠶᠢᠬᠤ ᠬᠡᠷᠡᠭᠲᠠᠢ᠃ | ② ᠬᠤᠪᠢ ᠪᠠᠷ ᠢᠶᠠᠨ ᠰᠤᠷᠭᠠᠭᠤᠯᠢ ᠡᠷᠬᠢᠯᠡᠭᠴᠢᠳ ᠪᠤᠯ ᠡᠷᠬᠡᠪᠰᠢ ᠡᠤ ᠭᠠᠩ ᠬᠤᠳᠠ ᠶᠢᠨ ᠪᠠᠶᠢᠩᠭᠤ ᠶᠢᠨ | ᠡᠷᠤᠬᠡ ᠠᠮᠠ ᠶᠢᠨ ᠳᠠᠩᠰᠠ ᠲᠠᠢ ᠪᠦᠭᠡᠳ ᠦᠨᠳᠤᠰᠤᠨ ᠬᠠᠤᠯᠢ ᠳᠤ ᠲᠤᠭᠳᠠᠭᠠᠭᠰᠠᠨ ᠤᠯᠤᠰ ᠲᠦᠷᠦ ᠶᠢᠨ ᠡᠷᠬᠡ | ᠮᠡᠳᠡᠯ ᠪᠤᠯᠤᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠮᠤᠰᠤᠨ ᠴᠢᠳᠠᠪᠤᠷᠢ ᠲᠠᠢ ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠷᠬᠡᠳᠤ ᠠᠷᠠᠳ ᠪᠠᠶᠢᠬᠤ ᠬᠡᠷᠡᠭᠲᠠᠢ᠃ | ③ ᠰᠤᠷᠭᠠᠭᠤᠯᠢ ᠡᠷᠬᠢᠯᠡᠭᠴᠢᠳ ᠨᠢ ᠡᠷᠬᠡᠪᠰᠢ ᠡᠷᠬᠢᠯᠡᠬᠦ ᠰᠤᠷᠭᠠᠨ ᠬᠦᠮᠤᠵᠢᠯ ᠤᠨ ᠲᠦᠷᠦᠯ ᠵᠦᠢᠯ᠂ | ᠠᠭᠤᠯᠭ᠎ᠠ ᠯᠤᠭ᠎ᠠ ᠪᠠᠨ ᠲᠤᠬᠢᠷᠠᠭᠰᠠᠨ ᠲᠤᠰᠬᠠᠢ ᠮᠡᠷᠭᠡᠵᠢᠯ ᠤᠨ ᠳᠠᠪᠠᠭᠤᠯᠢᠭ ᠪᠠ ᠤᠨᠴᠠᠯᠢᠭ ᠲᠠᠢ ᠪᠠᠶᠢᠬᠤ ᠬᠡᠷᠡᠭᠲᠠᠢ᠃ | ④ ᠬᠠᠮᠳᠤᠷᠠᠵᠦ ᠪᠠᠶᠢᠭᠠᠳ ᠰᠤᠷᠭᠠᠭᠤᠯᠢ ᠡᠷᠬᠢᠯᠡᠬᠦ ᠳᠤ ᠪᠤᠯ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠪᠠᠷ | ᠬᠡᠷᠡᠴᠢᠯᠡᠬᠦᠯᠦᠭᠰᠡᠨ ᠬᠠᠮᠳᠤᠷᠠᠵᠦ ᠪᠠᠶᠢᠭᠠᠳ ᠰᠤᠷᠭᠠᠭᠤᠯᠢ ᠡᠷᠬᠢᠯᠡᠬᠦ ᠵᠦᠪᠯᠡᠯᠴᠡᠭᠡᠷ ᠪᠤᠯᠤᠨ ᠬᠠᠮᠳᠤᠷᠠᠨ ᠪᠠᠯᠡ | ᠭᠠᠷᠭᠠᠬᠤ ᠵᠦᠪᠯᠡᠯᠴᠡᠭᠡᠷ ᠤᠨ ᠪᠢᠴᠢᠭ ᠲᠠᠢ ᠪᠠᠶᠢᠬᠤ ᠬᠡᠷᠡᠭᠲᠠᠢ᠃ ᠬᠠᠮᠳᠤᠷᠠᠬᠤ ᠬᠡᠯᠪᠡᠷᠢ᠂ ᠪᠡᠯᠡ ᠭᠠᠷᠭᠠᠬᠤ ᠠᠷᠭ᠎ᠠ | ᠵᠢᠴᠢ ᠮᠦᠩᠬᠦᠨ ᠲᠤᠭ᠎ᠠ᠂ ᠲᠤᠰ ᠲᠤᠰ ᠤᠨ ᠡᠷᠬᠡ ᠪᠤᠯᠤᠨ ᠡᠭᠦᠷᠭᠡ᠂ ᠬᠡᠷ᠎ᠡ ᠵᠦᠷᠢᠴᠡᠭᠰᠡᠨ ᠬᠠᠷᠢᠭᠤᠴᠠᠯᠭ᠎ᠠ᠂ | ᠰᠤᠷᠭᠠᠭᠤᠯᠢ ᠡᠷᠬᠢᠯᠡᠬᠦ ᠳᠤ ᠤᠷᠤᠯᠴᠠᠬᠤ ᠪᠠ ᠤᠷᠤᠯᠴᠠᠬᠤ ᠪᠠᠨ ᠵᠤᠭᠰᠤᠬᠤ ᠨᠦᠬᠦᠴᠡᠯ ᠵᠢᠴᠢ ᠲᠡᠰ ᠳᠠᠷᠠᠭᠠᠯᠠᠯ ᠢᠶᠠᠨ | ᠲᠤᠳᠤᠷᠬᠠᠶᠢᠯᠠᠨ ᠦᠬᠦᠯᠡᠵᠦ᠂ ᠪᠡᠯᠡ ᠭᠠᠷᠭᠠᠭᠰᠠᠨ ᠬᠠᠷᠢᠴᠠᠯ ᠢᠶᠠᠨ ᠦᠨᠳᠤᠰᠤᠯᠡᠨ ᠬᠤᠶᠠᠷ ᠲᠠᠯ᠎ᠠ ᠪᠠᠷ ᠢᠶᠠᠨ ᠰᠠᠨᠠᠯ | ᠨᠢᠭᠡᠲᠠᠢ ᠪᠠᠷ ᠨᠢᠬᠡ ᠲᠠᠯ᠎ᠠ ᠪᠠᠨ ᠡᠷᠬᠢᠯᠡᠭᠴᠢ ᠪᠠᠷ ᠲᠤᠭᠳᠠᠭᠠᠨ᠎ᠠ᠃ | 2᠂ ᠰᠤᠷᠭᠠᠭᠤᠯᠢ ᠡᠷᠬᠢᠯᠡᠬᠦ ᠦᠨᠳᠤᠰᠤᠨ ᠨᠦᠬᠦᠴᠡᠯ | ① ᠤᠯᠤᠰ ᠤᠨ ᠬᠠᠤᠯᠢ ᠴᠠᠭᠠᠵᠠ ᠶᠢ ᠵᠢᠷᠤᠮᠯᠡᠨ ᠰᠠᠬᠢᠵᠦ᠂ ᠦᠵᠡᠯ ᠰᠠᠨᠠᠭᠠᠨ ᠤ ᠳᠡᠭᠡᠳᠤ ᠪᠤᠯᠪᠠᠰᠤᠷᠠᠯ ᠲᠠᠢ | ᠂ ᠵᠠᠩ ᠮᠤᠷᠠᠯ ᠴᠢᠭᠡᠴᠢ ᠲᠦᠪᠯᠡᠭᠦᠨ᠂ ᠦᠵᠡᠯ ᠰᠤᠷᠳᠠᠯ ᠲᠦᠪ ᠭᠤᠤᠯᠴᠢ᠂ ᠨᠡᠶᠢᠭᠡᠮ ᠵᠢᠷᠤᠮ ᠤᠨ ᠰᠤᠷᠭᠠᠨ | ᠬᠦᠮᠤᠵᠢᠯ ᠤᠨ ᠦᠢᠯᠡᠰ ᠲᠤ ᠬᠠᠯᠠᠭᠤᠨ ᠰᠡᠳᠬᠢᠯ ᠲᠠᠢ ᠪᠠᠶᠢᠬᠤ︔ ᠨᠠᠰᠤ ᠨᠢ ᠳᠠᠯ᠎ᠠ ᠬᠦᠷᠦᠭᠡᠳᠤᠢ᠂ ᠪᠡᠶ᠎ᠡ | ᠮᠠᠬᠠᠪᠤᠳ ᠨᠢ ᠡᠷᠡᠬᠦᠯ ᠴᠢᠬᠢᠷᠠᠭ᠂ ᠰᠤᠷᠭᠠᠭᠤᠯᠢ ᠳᠤ ᠤᠴᠢᠨ ᠤᠳᠤᠷᠢᠳᠬᠤ ᠡᠭᠦᠷᠬᠡ ᠲᠤᠰᠢᠶᠠᠯ ᠢ ᠭᠦᠢᠴᠡᠳᠭᠡᠬᠦ ᠶᠢ | ᠪᠠᠷᠢᠮᠳᠠᠯᠠᠵᠦ ᠴᠢᠳᠠᠬᠤ︔ ᠰᠤᠷᠭᠠᠭᠤᠯᠢ ᠶᠢᠨ ᠬᠠᠮᠢᠶᠠᠷᠤᠯᠳᠠ ᠶᠢᠨ ᠠᠵᠢᠯ ᠢ 5 ᠵᠢᠯ ᠠᠴᠠ ᠳᠡᠭᠡᠭᠰᠢ ᠬᠢᠭᠰᠡᠨ | ᠲᠤᠷᠰᠢᠯᠭ᠎ᠠ ᠪᠠ ᠵᠤᠬᠢᠶᠠᠨ ᠪᠠᠶᠢᠭᠤᠯᠬᠤ ᠬᠠᠮᠢᠶᠠᠷᠬᠤ ᠴᠢᠳᠠᠪᠤᠷᠢ ᠲᠠᠢ ᠰᠤᠷᠭᠠᠨ ᠬᠦᠮᠤᠵᠢᠯ ᠤᠨ ᠠᠵᠢᠯᠳᠠᠨ ᠪᠠᠶᠢᠬᠤ︔ | ᠶᠡᠷᠦᠩᠬᠡᠢ ᠳᠡᠭᠡᠨ ᠶᠡᠭᠡ ᠰᠤᠷᠭᠠᠭᠤᠯᠢ ᠳᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ | ᠰᠤᠶᠤᠯ ᠤᠨ ᠬᠡᠮᠵᠢᠶ᠎ᠡ ᠲᠠᠢ᠂ ᠳᠡᠭᠡᠳᠤ ᠵᠡᠷᠭᠡ ᠶᠢᠨ ᠮᠡᠷᠭᠡᠵᠢᠯ ᠤᠨ ᠴᠤᠯᠠ ᠪᠤᠶᠤ ᠬᠠᠷᠢᠴᠠᠩᠭᠤᠢ ᠪᠦᠬᠦᠢ | ᠴᠢᠳᠠᠪᠤᠷᠢ ᠲᠠᠢ ᠪᠠᠶᠢᠬᠤ ᠶᠢ ᠱᠠᠭᠠᠷᠳᠠᠨ᠎ᠠ᠃ ᠰᠤᠷᠭᠠᠭᠤᠯᠢ ᠶᠢᠨ ᠵᠠᠬᠢᠷᠤᠯ ᠪᠤᠯ ᠡᠷᠬᠡᠪᠰᠢ ᠲᠤᠰᠬᠠᠢ ᠲᠤᠰᠢᠶᠠᠯᠳᠠᠨ | ᠪᠠᠶᠢᠬᠤ ᠬᠡᠷᠡᠭᠲᠠᠢ᠃ | ② ᠰᠤᠷᠭᠠᠭᠤᠯᠢ ᠡᠷᠬᠢᠯᠡᠬᠦ ᠭᠠᠵᠠᠷ ᠳᠠᠯᠠᠪᠤᠷ ᠪᠤᠯᠤᠨ ᠨᠦᠬᠦᠴᠡᠯ ᠰᠤᠷᠭᠠᠭᠤᠯᠢ ᠡᠷᠬᠢᠯᠡᠬᠦ ᠭᠠᠵᠠᠷ ᠲᠠᠯᠠᠪᠤᠷ᠄ | ᠡᠷᠬᠡᠪᠰᠢ ᠡᠤ ᠭᠠᠩ ᠬᠤᠳᠠ ᠶᠢᠨ ᠬᠠᠷᠢᠶ᠎ᠠ ᠲᠤᠭᠤᠷᠢᠭ ᠤᠨ ᠳᠤᠳᠤᠷ᠎ᠠ ᠭᠡᠷ ᠭᠠᠵᠠᠷ ᠬᠦᠷᠦᠩᠬᠡ ᠶᠢᠨ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠤᠯᠭᠤᠭᠰᠠᠨ ᠬᠦᠷᠦᠩᠬᠡ ᠶᠢᠨ ᠡᠷᠬᠡ ᠶᠢᠨ ᠬᠡᠷᠡᠴᠢᠯᠡᠯ ᠲᠠᠢ ᠪᠠᠶᠢᠬᠤ︔ | ᠰᠤᠷᠭᠠᠭᠤᠯᠢ ᠶᠢᠨ ᠪᠠᠶᠢᠷᠢ ᠲᠦᠷᠢᠶᠡᠰᠤᠯᠡᠪᠡᠯ ᠡᠷᠬᠡᠪᠰᠢ ᠠᠯᠪᠠᠨ ᠬᠡᠷᠡᠴᠢᠯᠡᠭᠡ ᠶᠢᠨ ᠪᠠᠶᠢᠭᠤᠯᠭ᠎ᠠ ᠪᠠᠷ | ᠬᠡᠷᠡᠴᠢᠯᠡᠭᠦᠯᠦᠭᠰᠡᠨ ᠲᠦᠷᠢᠶᠡᠰᠤᠯᠡᠯ ᠤᠨ ᠵᠦᠪᠯᠡᠯᠴᠡᠭᠡᠷ ᠲᠠᠢ ᠪᠠᠶᠢᠵᠦ᠂ ᠳᠦᠷᠢᠶᠡᠰᠤᠯᠡᠯ ᠤᠨ ᠬᠤᠭᠤᠴᠠᠭ᠎ᠠ ᠨᠢ | ᠶᠡᠷᠦᠩᠬᠡᠢ ᠳᠡᠭᠡᠨ ᠲᠦᠷᠪᠡᠨ ᠵᠢᠯ ᠠᠴᠠ ᠳᠤᠷᠤᠭᠰᠢ ᠦᠬᠡᠢ ᠪᠠᠶᠢᠬᠤ ᠬᠡᠷᠡᠭᠲᠠᠢ᠃ ᠰᠤᠷᠭᠠᠭᠤᠯᠢ ᠶᠢᠨ ᠪᠠᠶᠢᠷᠢ ᠶᠢᠨ | ᠲᠠᠯᠠᠪᠠᠢ᠄ ᠲᠦᠪᠯᠡᠷᠡᠩᠬᠦᠢ ᠲᠤᠭᠳᠠᠭᠤᠨ ᠪᠦᠭᠡᠳ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠭᠰᠡᠨ 400 ᠲᠡᠭᠰᠢ | ᠲᠦᠷᠪᠡᠯᠵᠢᠨ ᠮᠧᠳ᠋ᠷ ᠠᠴᠠ ᠳᠤᠳᠠᠭᠤ ᠦᠬᠡᠢ ᠰᠤᠷᠭᠠᠭᠤᠯᠢ ᠶᠢᠨ ᠪᠠᠶᠢᠷᠢ ᠲᠠᠢ ᠪᠠᠶᠢᠬᠤ ᠬᠡᠷᠡᠭᠲᠠᠢ᠃ ᠵᠢᠭᠠᠨ ᠰᠤᠷᠭᠠᠬᠤ | ᠲᠦᠬᠦᠭᠡᠷᠦᠮᠵᠢ᠄ ᠠᠷᠠᠳ ᠠᠴᠠ ᠡᠷᠬᠢᠯᠡᠭᠰᠡᠨ ᠪᠤᠯᠪᠠᠰᠤᠷᠠᠭᠤᠯᠤᠯ ᠤᠨ ᠪᠠᠶᠢᠭᠤᠯᠤᠮᠵᠢ ᠪᠤᠯ ᠴᠢᠬᠤᠯᠠ ᠪᠦᠬᠦᠢ | ᠤᠳᠤᠬᠢᠴᠢᠯᠠᠭᠰᠠᠨ ᠵᠢᠭᠠᠨ ᠰᠤᠷᠭᠠᠬᠤ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠠᠢ᠃ ᠠᠵᠢᠯ ᠮᠡᠷᠭᠡᠵᠢᠯ ᠤᠨ ᠪᠠ | ᠤᠷᠠᠯᠢᠭ ᠤᠨ ᠲᠦᠷᠦᠯ ᠤᠨ ᠰᠤᠷᠭᠠᠭᠤᠯᠢ ᠪᠤᠯ ᠡᠷᠬᠡᠪᠰᠢ ᠨᠢᠭᠡᠨ ᠵᠢᠭᠠᠨ ᠰᠤᠷᠭᠠᠬᠤ ᠠᠩᠬᠢ ᠴᠤᠭ ᠲᠠᠭᠠᠨ ᠬᠡᠷᠡᠭᠯᠡᠬᠦ | ᠵᠢᠭᠠᠨ ᠰᠤᠷᠭᠠᠬᠤ ᠲᠦᠬᠦᠭᠡᠷᠦᠮᠵᠢ ᠲᠠᠢ ᠪᠠᠶᠢᠬᠤ ᠬᠡᠷᠡᠭᠲᠠᠢ᠃ ᠺᠤᠮᠫᠢᠦ᠋ᠲ᠋ᠧᠷ ᠤᠨ ᠲᠦᠷᠦᠯ ᠤᠨ ᠵᠢᠭᠠᠨ ᠰᠤᠷᠭᠠᠬᠤ | ᠪᠠᠶᠢᠭᠤᠯᠤᠮᠵᠢ ᠪᠤᠯ ᠡᠷᠬᠡᠪᠰᠢ ᠵᠢᠭᠠᠨ ᠰᠤᠷᠭᠠᠬᠤ ᠠᠭᠤᠯᠭ᠎ᠠ ᠯᠤᠭ᠎ᠠ ᠲᠤᠬᠢᠷᠠᠭᠰᠠᠨ 30 ᠠᠴᠠ ᠳᠡᠭᠡᠭᠰᠢ ᠺᠤᠮᠫᠢᠦ᠋ᠲ᠋ᠧᠷ | ᠮᠠᠰᠢᠨ ᠲᠠᠢ ᠪᠠᠶᠢᠵᠦ᠂ ᠭᠠᠳᠠᠭᠠᠳᠤ ᠬᠡᠯᠡᠨ ᠤ ᠰᠤᠷᠭᠠᠭᠤᠯᠢ ᠪᠤᠯ ᠠᠪᠢᠶᠠᠨ ᠤ ᠬᠢᠴᠢᠶᠡᠯ ᠤᠨ ᠭᠡᠷ ᠲᠠᠢ ᠪᠠᠶᠢᠬᠤ | ᠬᠡᠷᠡᠭᠲᠠᠢ᠃ | ③ ᠪᠠᠭᠰᠢ ᠠᠵᠢᠯᠳᠠᠨ ᠤ ᠲᠤᠬᠢᠷᠠᠭᠤᠯᠭ᠎ᠠ ᠪᠠᠭᠰᠢ ᠶᠢᠨ ᠲᠤᠬᠢᠷᠠᠭᠤᠯᠭ᠎ᠠ ᠶᠢ ᠨᠡᠬᠡᠬᠡᠬᠦ ᠬᠢᠴᠢᠶᠡᠯ ᠯᠦᠭᠡ | ᠵᠤᠬᠢᠴᠠᠭᠤᠯᠵᠦ᠂ ᠨᠡᠯᠢᠶᠡᠳ ᠲᠤᠭᠳᠠᠩᠭᠤᠢ ᠪᠦᠬᠦᠢ ᠲᠤᠰᠬᠠᠢ ᠪᠠ ᠬᠠᠪᠰᠤᠷᠭᠠᠭᠰᠠᠨ ᠲᠤᠰᠢᠶᠠᠯ ᠲᠠᠢ ᠪᠠᠭᠰᠢᠨᠠᠷ ᠤᠨ | ᠡᠩᠨᠡᠭᠡ ᠲᠠᠢ ᠪᠠᠶᠢᠵᠦ᠂ ᠡᠭᠦᠨ ᠳᠤ ᠲᠤᠰᠬᠠᠢ ᠲᠤᠰᠢᠶᠠᠯᠳᠤ ᠪᠠᠭᠰᠢ ᠶᠢ ᠭᠤᠷᠪᠠᠨ ᠤ ᠨᠢᠭᠡ ᠠᠴᠠ ᠳᠤᠳᠠᠭᠤ ᠦᠬᠡᠢ | ᠪᠠᠶᠢᠯᠭᠠᠵᠦ᠂ ᠪᠠᠭᠰᠢ ᠰᠤᠷᠤᠭᠴᠢᠳ ᠤᠨ ᠬᠠᠷᠢᠴᠠᠯ ᠢ 1:20 ᠠᠴᠠ ᠳᠤᠤᠷ᠎ᠠ ᠦᠬᠡᠢ ᠪᠠᠶᠢᠯᠭᠠᠬᠤ ᠬᠡᠷᠡᠭᠲᠠᠢ᠃ | ᠤᠷᠢᠨ ᠬᠡᠷᠡᠭᠯᠡᠬᠦ ᠪᠠᠭᠰᠢ ᠲᠠᠢ ᠤᠷᠢᠨ ᠬᠡᠷᠡᠭᠯᠡᠬᠦ ᠵᠦᠪᠳᠡᠯᠴᠡᠭᠡᠷ ᠲᠤᠭᠳᠠᠬᠤ ᠬᠡᠷᠡᠭᠲᠠᠢ᠃ ᠡᠳ᠋ ᠤᠨ ᠶᠠᠪᠤᠳᠠᠯ ᠤᠨ | ᠠᠵᠢᠯᠳᠠᠳ ᠨᠢ ᠡᠷᠬᠡᠪᠰᠢ ᠨᠢᠭᠳᠠᠯᠠᠨ ᠪᠤᠳᠤᠭᠴᠢ ᠶᠢᠨ ᠠᠵᠢᠯ ᠤᠨ ᠪᠠᠶᠢᠷᠢ ᠳᠤ ᠭᠠᠷᠬᠤ ᠦᠨᠡᠮᠯᠡᠯ ᠲᠠᠢ ᠪᠠᠶᠢᠵᠦ᠂ | ᠰᠤᠷᠭᠠᠭᠤᠯᠢ ᠶᠢᠨ ᠭᠤᠤᠯ ᠤᠳᠤᠷᠢᠳᠤᠯᠭ᠎ᠠ ᠯᠤᠭ᠎ᠠ ᠲᠦᠷᠦᠯ ᠰᠠᠳᠤᠨ ᠤ ᠵᠠᠶᠢᠯᠠᠯᠳᠠ ᠶᠢᠨ ᠲᠦᠷᠢᠮ ᠢ ᠬᠡᠷᠡᠭᠵᠢᠬᠦᠯᠬᠦ | ᠬᠡᠷᠡᠭᠲᠠᠢ᠃ ᠪᠤᠰᠤᠳ ᠬᠡᠷᠡᠭ ᠶᠠᠪᠤᠳᠠᠯ ᠢ ︽ᠪᠠᠭᠰᠢ ᠶᠢᠨ ᠬᠠᠤᠯᠢ︾ ᠶᠢᠨ ᠱᠠᠭᠠᠷᠳᠠᠯᠭ᠎ᠠ ᠪᠠᠷ ᠬᠡᠷᠡᠭᠵᠢᠭᠦᠯᠬᠦ ᠬᠡᠷᠡᠭᠲᠠᠢ | ᠃ ᠰᠤᠷᠭᠠᠭᠤᠯᠢ ᠶᠢᠨ ᠬᠡᠷᠡᠭ ᠮᠡᠳᠡᠭᠴᠢᠳ ᠤᠨ ᠵᠦᠪᠯᠡᠯ ᠳᠤ ᠤᠷᠢᠨ ᠬᠡᠷᠡᠭᠯᠡᠬᠦ ᠬᠠᠮᠢᠶᠠᠷᠤᠯᠳᠠ ᠶᠢᠨ ᠠᠵᠢᠯᠳᠠᠳ ᠢ | ᠬᠠᠷᠢᠴᠠᠩᠭᠤᠢ ᠲᠤᠭᠳᠠᠭᠤᠨ ᠪᠦᠭᠡᠳ ᠰᠤᠷᠭᠠᠭᠤᠯᠢ ᠡᠷᠬᠢᠯᠡᠬᠦ ᠲᠡᠰ ᠵᠡᠷᠬᠡ᠂ ᠬᠡᠪᠴᠢᠶ᠎ᠡ ᠲᠠᠢ ᠲᠤᠬᠢᠷᠠᠯᠴᠠᠭᠤᠯᠬᠤ | ᠬᠡᠷᠡᠭᠲᠠᠢ᠃ | ④ ᠳᠠᠩᠰᠠᠯᠠᠭᠤᠯᠬᠤ ᠪᠡᠯᠡ ᠮᠦᠩᠬᠦ ᠨᠡᠶᠢᠭᠡᠮ ᠤᠨ ᠵᠤᠬᠢᠶᠠᠨ ᠪᠠᠶᠢᠭᠤᠯᠤᠯᠳᠠ ᠰᠤᠷᠭᠠᠭᠤᠯᠢ ᠡᠷᠬᠢᠯᠡᠪᠡᠯ | ᠳᠠᠩᠰᠠᠯᠠᠭᠤᠯᠬᠤ ᠪᠡᠯᠡ ᠮᠦᠩᠬᠦ ᠨᠢ 20 ᠲᠦᠮᠡᠨ ᠲᠦᠭᠦᠷᠢᠭ ᠠᠴᠠ ᠳᠤᠤᠷ᠎ᠠ ᠪᠠᠶᠢᠵᠦ ᠪᠤᠯᠬᠤ ᠦᠬᠡᠢ᠂ ᠠᠷᠠᠳ | ᠢᠷᠭᠡᠳ ᠬᠤᠪᠢ ᠪᠠᠷ ᠢᠶᠠᠨ ᠰᠤᠷᠭᠠᠭᠤᠯᠢ ᠡᠷᠬᠢᠯᠡᠪᠡᠯ ᠳᠠᠩᠰᠠᠯᠠᠭᠤᠯᠬᠤ ᠪᠡᠯᠡ ᠮᠦᠩᠬᠦ ᠨᠢ 10 ᠲᠦᠮᠡᠨ | ᠲᠦᠭᠦᠷᠢᠭ ᠠᠴᠠ ᠳᠤᠤᠷ᠎ᠠ ᠪᠠᠶᠢᠵᠦ ᠪᠤᠯᠬᠤ ᠦᠬᠡᠢ᠃ ᠳᠠᠩᠰᠠᠯᠠᠭᠤᠯᠬᠤ ᠪᠡᠯᠡ ᠮᠦᠩᠬᠦ ᠨᠢ ᠡᠷᠬᠡᠪᠰᠢ ᠤᠯᠤᠰ ᠤᠨ | ᠡᠳ᠋ ᠤᠨ ᠵᠠᠰᠠᠭ ᠤᠨ ᠪᠤᠰᠤ ᠵᠠᠷᠤᠳᠠᠯ ᠪᠠᠶᠢᠬᠤ ᠬᠡᠷᠡᠭᠲᠠᠢ᠃ ᠪᠠᠶᠢᠭᠤᠯᠭ᠎ᠠ ᠨᠢᠭᠡᠴᠡ ᠰᠤᠷᠭᠠᠭᠤᠯᠢ ᠡᠷᠬᠢᠯᠡᠬᠦ ᠪᠠᠷ | ᠭᠤᠶᠤᠴᠢᠯᠠᠪᠠᠯ᠂ ᠳᠡᠭᠡᠳᠤ ᠱᠠᠳᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠢᠶᠠᠨ ᠪᠡᠯᠡ ᠮᠦᠩᠬᠦᠨ ᠤ | ᠢᠷᠡᠯᠳᠡ ᠶᠢᠨ ᠲᠤᠬᠠᠢ ᠲᠤᠳᠤᠷᠬᠠᠶᠢᠯᠠᠯᠳᠠ ᠬᠢᠯᠭᠡᠬᠦ ᠬᠡᠷᠡᠭᠲᠠᠢ᠃ ᠬᠤᠪᠢ ᠬᠦᠮᠤᠨ ᠰᠤᠷᠭᠠᠭᠤᠯᠢ ᠡᠷᠬᠢᠯᠡᠬᠦ ᠳᠤ ᠴᠤ | ᠪᠡᠯᠡ ᠮᠦᠩᠬᠦᠨ ᠤ ᠢᠷᠡᠯᠳᠡ ᠪᠠᠨ ᠲᠤᠳᠤᠷᠬᠠᠶᠢᠯᠠᠬᠤ ᠬᠡᠷᠡᠭᠲᠠᠢ᠃ | ⑤ ᠪᠤᠰᠤᠳ ᠨᠦᠬᠦᠴᠡᠯ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠦᠬᠦᠢ ᠡᠷᠡᠭᠦᠯ | ᠬᠠᠮᠠᠭᠠᠯᠠᠯ᠂ ᠪᠡᠶ᠎ᠡ ᠶᠢᠨ ᠲᠠᠮᠢᠷ᠂ ᠤᠷᠠᠯᠢᠭ᠂ ᠢᠳᠡᠭᠡᠨ ᠤᠮᠳᠠᠭᠠᠨ᠂ ᠮᠦᠩᠬᠦᠨ ᠭᠦᠢᠯᠭᠡᠭᠡ᠂ ᠬᠠᠤᠯᠢ ᠴᠠᠭᠠᠵᠠ ᠵᠡᠷᠭᠡ | ᠰᠤᠷᠭᠠᠨ ᠬᠦᠮᠤᠵᠢᠯ ᠤᠨ ᠪᠠᠶᠢᠭᠤᠯᠤᠮᠵᠢ ᠡᠷᠬᠢᠯᠡᠬᠦ ᠪᠠᠷ ᠭᠤᠶᠤᠴᠢᠯᠠᠬᠤ ᠳᠤ ᠡᠷᠬᠡᠪᠰᠢ ᠲᠤᠭᠤᠷᠢᠭ ᠤᠨ ᠱᠠᠳᠤᠨ ᠠᠴᠠ | ᠳᠡᠭᠡᠭᠰᠢᠬᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠪᠡᠯ ᠰᠠᠶ᠋ᠢ | ᠲᠤᠭᠤᠷᠢᠭ ᠤᠨ ᠰᠤᠷᠭᠠᠨ ᠬᠦᠮᠤᠵᠢᠯ ᠤᠨ ᠲᠤᠪᠴᠢᠶ᠎ᠠ ᠳᠤ ᠰᠤᠷᠭᠠᠭᠤᠯᠢ ᠡᠷᠬᠢᠯᠡᠬᠦ ᠪᠠᠷ ᠭᠤᠶᠤᠴᠢᠯᠠᠵᠦ ᠪᠤᠯᠤᠨ᠎ᠠ | ᠠᠵᠢᠯ ᠮᠡᠷᠭᠡᠵᠢᠯ ᠤᠨ ᠤᠷᠢ ᠴᠢᠳᠠᠪᠤᠷᠢ ᠪᠠᠷ ᠭᠤᠤᠯ ᠪᠤᠯᠭᠠᠭᠰᠠᠨ ᠬᠢᠷᠢ ᠬᠡᠮ ᠤᠨ ᠪᠤᠯᠪᠠᠰᠤᠷᠠᠭᠤᠯᠤᠯ᠂ ᠮᠡᠷᠭᠡᠵᠢᠯ ᠤᠨ | ᠲᠡᠰ ᠵᠡᠷᠭᠡ ᠶᠢᠨ ᠪᠤᠯᠪᠠᠰᠤᠷᠠᠭᠤᠯᠤᠯ᠂ ᠬᠦᠳᠡᠯᠮᠤᠷᠢ ᠠᠵᠢᠯ ᠤᠯᠭᠤᠯᠳᠠ ᠶᠢᠨ ᠤᠷᠢ ᠴᠢᠳᠠᠪᠤᠷᠢ ᠶᠢᠨ | ᠪᠤᠯᠪᠠᠰᠤᠷᠠᠭᠤᠯᠤᠯ ᠤᠨ ᠪᠠᠶᠢᠭᠤᠯᠤᠮᠵᠢ ᠡᠷᠬᠢᠯᠡᠬᠦ ᠳᠤ ᠬᠦᠳᠡᠯᠮᠤᠷᠢ ᠶᠢᠨ ᠰᠠᠯᠠᠭ᠎ᠠ ᠮᠦᠴᠢᠷ ᠬᠢᠨᠠᠨ ᠵᠦᠪᠰᠢᠶᠡᠷᠡᠨ᠎ᠡ᠂ | ᠮᠠᠨ ᠤ ᠲᠤᠪᠴᠢᠶ᠎ᠠ ᠬᠦᠯᠢᠶᠡᠨ ᠠᠪᠬᠤ ᠦᠬᠡᠢ᠃ | ︵ᠬᠤᠶᠠᠷ︶ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ ᠤᠨ | ᠪᠠᠶᠢᠭᠤᠯᠤᠮᠵᠢ ᠡᠷᠬᠢᠯᠡᠬᠦ ᠪᠠᠷ ᠭᠤᠶᠤᠴᠢᠯᠠᠬᠤ ᠳᠤ ᠬᠠᠩᠭᠠᠪᠠᠰᠤ ᠵᠤᠬᠢᠬᠤ ᠬᠠᠮᠢᠶ᠎ᠠ ᠪᠦᠬᠦᠢ ᠬᠡᠷᠡᠴᠢ ᠪᠤᠯᠤᠨ ᠪᠤᠰᠤᠳ | ᠮᠠᠲ᠋ᠧᠷᠢᠶᠠᠯ | 1᠂ ᠰᠤᠷᠭᠠᠭᠤᠯᠢ ᠡᠷᠬᠢᠯᠡᠬᠦ ᠭᠤᠶᠤᠴᠢᠯᠠᠯ ᠤᠨ ᠪᠢᠴᠢᠭ ᠭᠤᠶᠤᠴᠢᠯᠠᠨ ᠡᠷᠬᠢᠯᠡᠬᠦ ᠤᠴᠢᠷ ᠰᠢᠯᠳᠠᠭᠠᠨ᠂ | ᠰᠤᠷᠭᠠᠭᠤᠯᠢ ᠶᠢᠨ ᠨᠡᠷᠡᠶᠢᠳᠤᠯ᠂ ᠡᠷᠬᠢᠯᠡᠬᠦ ᠲᠤᠰᠬᠠᠢ ᠮᠡᠷᠭᠡᠵᠢᠯ᠂ ᠰᠤᠷᠭᠠᠭᠤᠯᠢ ᠶᠢᠨ ᠰᠠᠭᠤᠷᠢᠰᠢᠯ᠂ ᠰᠤᠷᠭᠠᠭᠤᠯᠢ | ᠡᠷᠬᠢᠯᠡᠭᠴᠢ ᠶᠢᠨ ᠤᠪᠤᠭ ᠨᠡᠷ᠎ᠡ᠂ ᠬᠠᠶ᠋ᠢᠭ᠂ ᠬᠦᠮᠤᠵᠢᠭᠦᠯᠬᠦ ᠵᠤᠷᠢᠯᠭ᠎ᠠ᠂ ᠰᠤᠷᠭᠠᠭᠤᠯᠢ ᠡᠷᠬᠢᠯᠡᠬᠦ ᠬᠡᠪᠴᠢᠶ᠎ᠡ᠂ ᠲᠡᠰ᠂ | ᠬᠡᠯᠪᠡᠷᠢ᠂ ᠨᠦᠬᠦᠴᠡᠯ᠂ ᠳᠤᠳᠤᠭᠠᠳᠤ ᠬᠠᠮᠢᠶᠠᠤᠯᠳᠠ ᠶᠢᠨ ᠪᠠᠶᠢᠭᠤᠯᠤᠯ᠂ ᠵᠠᠷᠤᠳᠠᠯ ᠤᠨ ᠴᠤᠭᠯᠠᠭᠤᠯᠭ᠎ᠠ ᠪᠠ | ᠬᠠᠮᠢᠶᠠᠤᠯᠳᠠ ᠬᠡᠷᠡᠭᠯᠡᠯᠳᠡ ᠪᠠᠨ ᠲᠤᠳᠤᠷᠬᠠᠶᠢᠯᠠᠨ᠎ᠠ᠃ ᠭᠤᠶᠤᠴᠢᠯᠠᠯ ᠤᠨ ᠪᠢᠴᠢᠭ ᠲᠤ ᠡᠷᠬᠢᠯᠡᠭᠴᠢᠳ ᠤᠨ | ᠨᠢᠭᠡᠴᠡ ᠶᠢᠨ ᠬᠠᠤᠯᠢ ᠶᠢᠨ ᠬᠦᠮᠤᠨ ᠪᠤᠶᠤ ᠬᠤᠪᠢ ᠬᠦᠮᠤᠨ ᠨᠢ ᠭᠠᠷ ᠤᠨ ᠦᠰᠦᠭ ᠵᠢᠷᠤᠨ᠎ᠠ᠃ | 2᠂ ᠪᠤᠯᠤᠮᠵᠢᠳᠤ ᠵᠠᠬ᠎ᠠ ᠳᠡᠯᠭᠡᠬᠦᠷ ᠤᠨ ᠪᠠᠶᠢᠴᠠᠭᠠᠨ ᠰᠤᠳᠤᠯᠤᠯᠳᠠ ᠶᠢᠨ ᠮᠡᠳᠡᠭᠦᠯᠦᠯᠳᠡ ᠨᠡᠶᠢᠭᠡᠮ ᠤᠨ | ᠪᠠᠶᠢᠴᠠᠭᠠᠯᠳᠠ ᠬᠢᠭᠰᠡᠨ ᠰᠠᠭᠤᠷᠢᠨ ᠳᠡᠭᠡᠷ᠎ᠡ᠂ ᠡᠷᠬᠢᠯᠡᠬᠦ ᠲᠤᠰᠬᠠᠢ ᠮᠡᠷᠭᠡᠵᠢᠯ ᠳᠤ ᠴᠢᠳᠠᠪᠤᠷᠢᠳᠠᠨ ᠬᠡᠷᠡᠭᠯᠡᠬᠦ | ᠪᠠᠶᠢᠳᠠᠯ ᠳᠤ ᠵᠠᠳᠠᠯᠤᠯᠳᠠ ᠪᠠ ᠨᠤᠳᠠᠯᠠᠯᠳᠠ ᠬᠢᠵᠦ᠂ ᠰᠤᠷᠤᠭᠴᠢᠳ ᠤᠨ ᠢᠷᠡᠯᠳᠡ ᠶᠢᠨ ᠲᠤᠭᠳᠠᠭᠤᠨ ᠴᠢᠨᠠᠷ ᠢ | ᠪᠠᠳᠤᠯᠠᠨ᠎ᠠ᠃ | 3᠂ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠭᠤᠶᠤᠴᠢᠯᠠᠯ ᠤᠨ ᠪᠢᠴᠢᠭ ᠭᠤᠶᠤᠴᠢᠯᠠᠯ ᠤᠨ | ᠪᠢᠴᠢᠭ ᠲᠤ ᠰᠤᠷᠭᠠᠭᠤᠯᠢ ᠡᠷᠬᠢᠯᠡᠭᠴᠢ᠂ ᠬᠠᠮᠳᠤᠷᠠᠨ ᠰᠤᠷᠭᠠᠭᠤᠯᠢ ᠡᠷᠬᠢᠯᠡᠬᠦ ᠵᠦᠪᠯᠡᠯᠴᠡᠭᠡᠷ᠂ ᠰᠤᠷᠭᠠᠭᠤᠯᠢ ᠡᠷᠬᠢᠯᠡᠬᠦ | ᠭᠤᠶᠤᠴᠢᠯᠠᠯ ᠤᠨ ᠮᠡᠳᠡᠭᠦᠯᠦᠯᠳᠠ᠂ ᠰᠤᠷᠭᠠᠨ ᠬᠦᠮᠤᠵᠢᠯ ᠤᠨ ᠵᠢᠭᠠᠨ ᠰᠤᠷᠭᠠᠯᠳᠠ ᠶᠢᠨ ᠳᠤᠳᠤᠭᠠᠳᠤ | ᠬᠠᠮᠢᠶᠡᠷᠣᠯᠳᠠ ᠶᠢᠨ ᠪᠠᠶᠢᠭᠤᠯᠤᠯ᠂ ᠵᠠᠷᠤᠳᠠᠯ ᠤᠨ ᠴᠤᠭᠯᠠᠭᠤᠯᠭ᠎ᠠ ᠵᠢᠴᠢ ᠬᠠᠮᠢᠶᠠᠷᠤᠯᠳᠠ ᠬᠡᠷᠡᠭᠯᠡᠯᠳᠡ᠂ ᠦᠨᠡᠨ | ᠪᠠᠳᠤᠲᠠᠢ ᠪᠠᠳᠤᠯᠠᠭ᠎ᠠ ᠵᠡᠷᠬᠡ ᠠᠭᠤᠯᠭ᠎ᠠ ᠶᠢ ᠪᠠᠭᠳᠠᠭᠠᠨ᠎ᠠ᠃ | 4᠂ ᠰᠤᠷᠭᠠᠭᠤᠯᠢ ᠡᠷᠬᠢᠯᠡᠬᠦ ᠲᠦᠷᠢᠮ ᠰᠤᠷᠭᠠᠭᠤᠯᠢ ᠡᠷᠬᠢᠯᠡᠬᠦ ᠲᠦᠷᠢᠮ ᠳᠤ ᠳᠤᠤᠷᠠᠬᠢ ᠵᠦᠢᠯ ᠢ ᠪᠠᠭᠳᠠᠭᠠᠨ᠎ᠠ | ᠄ | ① ᠰᠤᠷᠭᠠᠭᠤᠯᠢ ᠶᠢᠨ ᠨᠡᠷᠡᠶᠢᠳᠤᠯ᠂ ᠬᠠᠶ᠋ᠢᠭ︔ | ② ᠰᠤᠷᠭᠠᠭᠤᠯᠢ ᠡᠷᠬᠢᠯᠡᠬᠦ ᠦᠨᠳᠤᠰᠤᠨ ᠡᠭᠦᠷᠭᠡ᠂ ᠬᠡᠪᠴᠢᠶ᠎ᠡ᠂ ᠲᠡᠰ ᠵᠡᠷᠬᠡ᠂ ᠬᠡᠯᠪᠡᠷᠢ ᠵᠡᠷᠬᠡ︔ | ③ ᠰᠤᠷᠭᠠᠭᠤᠯᠢ ᠶᠢᠨ ᠬᠦᠷᠦᠩᠬᠡ ᠶᠢᠨ ᠲᠤᠭ᠎ᠠ᠂ ᠢᠷᠡᠯᠳᠡ᠂ ᠰᠢᠨᠵᠢ ᠴᠢᠨᠠᠷ ᠵᠡᠷᠬᠡ︔ | ④ ᠬᠡᠷᠡᠭ ᠡᠷᠬᠢᠯᠡᠭᠴᠢᠳ ᠤᠨ ᠵᠦᠪᠯᠡᠯ᠂ ᠬᠡᠷᠡᠭ ᠮᠡᠳᠡᠭᠴᠢᠳ ᠤᠨ ᠵᠦᠪᠯᠡᠯ ᠪᠤᠶᠤ ᠰᠢᠢᠳᠪᠤᠷᠢᠳᠤ ᠪᠤᠳᠤᠯᠭ᠎ᠠ | ᠲᠤᠭᠳᠠᠭᠠᠬᠤ ᠪᠤᠰᠤᠳ ᠬᠡᠯᠪᠡᠷᠢ ᠶᠢᠨ ᠪᠠᠶᠢᠭᠤᠯᠤᠮᠵᠢ ᠶᠢ ᠪᠤᠢ ᠪᠤᠯᠭᠠᠭᠰᠠᠨ ᠠᠷᠭ᠎ᠠ᠂ ᠬᠦᠮᠤᠰ ᠤᠨ ᠪᠦᠷᠢᠳᠤᠯ᠂ | ᠲᠤᠰᠢᠶᠠᠯ ᠤᠨ ᠬᠤᠭᠤᠴᠠᠭ᠎ᠠ᠂ ᠬᠡᠷᠡᠭ ᠵᠦᠪᠯᠡᠬᠦ ᠲᠦᠷᠢᠮ ᠵᠡᠷᠭᠡ︔ | ⑤ ᠰᠤᠷᠭᠠᠭᠤᠯᠢ ᠶᠢᠨ ᠬᠠᠤᠯᠢ ᠪᠠᠷ ᠲᠤᠭᠳᠠᠭᠠᠭᠰᠠᠨ ᠲᠦᠯᠦᠭᠡᠯᠡᠭᠴᠢ ᠬᠦᠮᠤᠨ︔ | ⑥ ᠪᠡᠯᠡ ᠤᠷᠤᠭᠤᠯᠤᠭᠴᠢ ᠵᠤᠬᠢᠰᠲᠠᠢ ᠬᠠᠷᠢᠮᠵᠢ ᠠᠪᠬᠤ ᠪᠠᠷ ᠱᠠᠭᠠᠷᠳᠠᠭᠰᠠᠨ ᠡᠰᠡᠬᠦ︔ | ⑦ ᠰᠤᠷᠭᠠᠭᠤᠯᠢ ᠶᠢ ᠦᠪᠡᠷᠳᠡᠭᠡᠨ ᠵᠤᠭᠰᠤᠭᠠᠬᠤ ᠤᠴᠢᠷ ᠰᠢᠯᠳᠠᠭᠠᠨ︔ | ⑧ ᠲᠦᠷᠢᠮ ᠳᠡᠭᠡᠨ ᠵᠠᠰᠠᠯᠳᠠ ᠤᠷᠤᠭᠤᠯᠬᠤ ᠲᠡᠰ ᠳᠠᠷᠠᠭᠠᠯᠠᠯ᠃ | 5᠂ ᠰᠤᠷᠭᠠᠭᠤᠯᠢ ᠡᠷᠬᠢᠯᠡᠭᠴᠢ ᠶᠢᠨ ᠬᠢᠷᠢ ᠬᠡᠮ ᠤᠨ ᠬᠡᠷᠡᠴᠢᠯᠡᠯ ᠤᠨ ᠪᠢᠴᠢᠭ ᠮᠠᠲ᠋ᠧᠷᠢᠶᠠᠯ ᠪᠠᠶᠢᠭᠤᠯᠭ᠎ᠠ | ᠨᠢᠭᠡᠴᠡ ᠰᠤᠷᠭᠠᠭᠤᠯᠢ ᠡᠷᠬᠢᠯᠡᠬᠦ ᠪᠠᠷ ᠭᠤᠶᠤᠴᠢᠯᠠᠬᠤ ᠳᠤ ᠨᠢᠭᠡᠴᠡ ᠶᠢᠨ ᠬᠠᠤᠯᠢ ᠶᠢᠨ ᠬᠦᠮᠤᠨ ᠤ ᠬᠡᠷᠡᠴᠢᠯᠡᠯ ᠵᠢᠴᠢ | ᠬᠠᠤᠯᠢ ᠶᠢᠨ ᠬᠦᠮᠤᠨ ᠤ ᠤᠷᠤᠯᠠᠬᠤ ᠨᠤᠮᠧᠷ ᠢᠶᠠᠨ ᠲᠤᠰᠢᠶᠠᠨ᠎ᠠ᠃ ᠠᠷᠠᠳ ᠢᠷᠭᠡᠳ ᠬᠤᠪᠢ ᠪᠠᠷ ᠢᠶᠠᠨ ᠰᠤᠷᠭᠠᠭᠤᠯᠢ | ᠡᠷᠬᠢᠯᠡᠬᠦ ᠳᠤ ᠤᠤᠯ ᠠᠵᠢᠯᠯᠠᠵᠦ ᠪᠠᠶᠢᠭᠰᠠᠨ ᠨᠢᠭᠡᠴᠡ ᠶᠢᠨ ᠵᠤᠬᠢᠶᠠᠨ ᠪᠠᠶᠢᠭᠤᠯᠬᠤ ︵ᠠᠵᠢᠯᠳᠠᠨ ᠤ ᠶᠠᠪᠤᠳᠠᠯ︶ | ᠰᠠᠯᠠᠭ᠎ᠠ ᠮᠦᠴᠢᠷ ᠠᠴᠠ ᠨᠢ ᠰᠤᠷᠭᠠᠭᠤᠯᠢ ᠡᠷᠬᠢᠯᠡᠬᠦ ᠶᠢ ᠨᠢ ᠵᠦᠪᠰᠢᠶᠡᠷᠡᠭᠰᠡᠨ ᠬᠢᠨᠠᠨ ᠲᠤᠭᠳᠠᠭᠠᠯ ᠬᠢᠵᠦ ᠦᠭᠬᠦᠨ᠎ᠡ᠃ | ᠠᠵᠢᠯᠯᠠᠵᠦ ᠪᠠᠶᠢᠭᠰᠠᠨ ᠨᠢᠭᠡᠴᠡ ᠦᠬᠡᠢ ᠪᠤᠯ ᠰᠠᠭᠤᠵᠦ ᠪᠠᠶᠢᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠢᠶᠠᠷ ᠬᠡᠷᠡᠴᠢᠯᠡᠯ ᠬᠢᠯᠭᠡᠵᠦ᠂ ᠰᠤᠷᠭᠠᠭᠤᠯᠢ ᠡᠷᠬᠢᠯᠡᠭᠴᠢ ᠨᠢ ︵ᠬᠤᠪᠢ ᠬᠦᠮᠤᠨ︶ ᠤ ᠪᠦᠷᠢᠳᠭᠡᠯ ᠤᠨ | ᠬᠦᠰᠤᠨᠦᠭᠳᠤ ᠶᠢ ᠲᠠᠭᠯᠠᠬᠤ ᠶᠢᠨ ᠳᠠᠭᠠᠤ ᠡᠷᠡᠭᠦᠤ ᠶᠢᠨ ᠬᠡᠷᠡᠭ ᠤᠨ ᠶᠠᠯ᠎ᠠ ᠦᠬᠡᠢ ᠬᠡᠷᠡᠴᠢᠯᠡᠯ ᠪᠤᠯᠤᠨ ᠪᠡᠶ᠎ᠡ ᠶᠢᠨ | ᠦᠨᠡᠮᠯᠡᠯ᠂ ᠡᠷᠤᠬᠡ ᠠᠮᠠ ᠶᠢᠨ ᠳᠠᠩᠰᠠ ᠶᠢᠨ ᠳᠡᠪᠳᠡᠷ ᠤᠨ ᠪᠠᠭᠤᠯᠭᠠᠪᠤᠷᠢ᠂ ᠰᠤᠷᠤᠯᠭ᠎ᠠ ᠶᠢᠨ ᠨᠠᠮᠳᠠᠷ ᠤᠨ | ᠦᠨᠡᠮᠯᠡᠯ ᠤᠨ ᠡᠬᠡ ᠮᠠᠲ᠋ᠧᠷᠢᠶᠠᠯ ᠵᠢᠴᠢ ᠪᠠᠭᠤᠯᠭᠠᠪᠤᠷᠢ ︵ᠬᠢᠨᠠᠨ ᠰᠢᠯᠭᠠᠭᠰᠠᠨ ᠤ ᠰᠡᠭᠦᠯᠡᠷ ᠤᠤᠯ ᠮᠠᠲ᠋ᠧᠷᠢᠶᠠᠯ ᠢ | ᠪᠤᠴᠠᠭᠠᠨ᠎ᠠ︶ ᠶᠢ ᠳᠠᠭᠠᠯᠳᠤᠭᠤᠯᠤᠨ᠎ᠠ᠃ | 6᠂ ᠰᠤᠷᠭᠠᠭᠤᠯᠢ ᠶᠢᠨ ᠬᠠᠷᠢᠭᠤᠴᠠᠯᠭᠠᠳᠠᠨ ᠤ ᠪᠦᠷᠢᠳᠭᠡᠯ ᠤᠨ ᠬᠦᠰᠤᠨᠦᠭᠳᠤ ᠪᠤᠯᠤᠨ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠰᠤᠷᠭᠠᠭᠤᠯᠢ ᠶᠢᠨ ᠬᠠᠷᠢᠭᠤᠴᠢᠯᠭᠠᠳᠠᠨ ᠤ ᠪᠦᠷᠢᠳᠭᠡᠯ ᠤᠨ ᠬᠦᠰᠤᠨᠦᠭᠳᠤ ᠶᠢ ᠲᠠᠭᠯᠠᠬᠤ ᠶᠢᠨ | ᠳᠠᠭᠠᠤ ᠡᠷᠡᠭᠦᠤ ᠶᠢᠨ ᠬᠡᠷᠡᠭ ᠤᠨ ᠶᠠᠯ᠎ᠠ ᠦᠬᠡᠢ ᠬᠡᠷᠡᠴᠢᠯᠡᠯ ᠪᠤᠯᠤᠨ ᠪᠡᠶ᠎ᠡ ᠶᠢᠨ ᠦᠨᠡᠮᠯᠡᠯ᠂ ᠡᠷᠤᠬᠡ ᠠᠮᠠ ᠶᠢᠨ | ᠳᠠᠩᠰᠠ ᠶᠢᠨ ᠳᠡᠪᠳᠡᠷ ᠤᠨ ᠪᠠᠭᠤᠯᠭᠠᠪᠤᠷᠢ᠂ ᠰᠤᠷᠤᠯᠭ᠎ᠠ ᠶᠢᠨ ᠨᠠᠮᠳᠠᠷ ᠤᠨ ᠦᠨᠡᠮᠯᠡᠯ ᠵᠢᠴᠢ ᠪᠠᠭᠰᠢ ᠶᠢᠨ ᠬᠢᠷᠢ | ᠬᠡᠮ ᠤᠨ ᠦᠨᠡᠮᠯᠡᠯ ᠤᠨ ᠡᠬᠡ ᠮᠠᠲ᠋ᠧᠷᠢᠶᠠᠯ ᠵᠢᠴᠢ ᠪᠠᠭᠤᠯᠭᠠᠪᠤᠷᠢ ︵ᠬᠢᠨᠠᠨ ᠰᠢᠯᠭᠠᠭᠰᠠᠨ ᠤ ᠰᠡᠭᠦᠯᠡᠷ ᠤᠤᠯ | ᠮᠠᠲ᠋ᠧᠷᠢᠶᠠᠯ ᠢ ᠪᠤᠴᠠᠭᠠᠨ᠎ᠠ︶ ᠶᠢ ᠳᠠᠭᠠᠯᠳᠤᠭᠤᠯᠬᠤ ᠶᠢ ᠱᠠᠭᠠᠷᠳᠠᠨ᠎ᠠ᠃ | 7᠂ ᠪᠠᠭᠰᠢ ᠨᠠᠷ ᠤᠨ ᠨᠡᠷ᠎ᠡ ᠶᠢᠨ ᠪᠦᠷᠢᠳᠭᠡᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠪᠠᠭᠰᠢ ᠨᠠᠷ ᠤᠨ | ᠨᠡᠷ᠎ᠡ ᠶᠢᠨ ᠪᠦᠷᠢᠳᠭᠡᠯ ᠢ ᠳᠠᠭᠯᠠᠵᠦ᠂ ᠪᠠᠭᠰᠢ ᠨᠢᠭᠡᠪᠤᠷᠢ ᠶᠢᠨ ᠰᠤᠷᠤᠯᠭ᠎ᠠ ᠶᠢᠨ ᠨᠠᠮᠳᠠᠷ᠂ ᠪᠠᠭᠰᠢ ᠶᠢᠨ ᠬᠢᠷᠢ ᠬᠡᠮ ᠤᠨ | ᠦᠨᠡᠮᠯᠡᠯ᠂ ᠮᠡᠷᠭᠡᠵᠢᠯ ᠤᠨ ᠴᠤᠯᠠ ᠶᠢᠨ ᠦᠨᠡᠮᠯᠡᠯ ᠤᠨ ᠡᠬᠡ ᠮᠠᠲ᠋ᠧᠷᠢᠶᠠᠯ ᠪᠠ ᠪᠠᠭᠤᠯᠭᠠᠪᠤᠷᠢ ︵ᠬᠢᠨᠠᠨ ᠰᠢᠯᠭᠠᠭᠰᠠᠨ ᠤ | ᠰᠡᠭᠦᠯᠡᠷ ᠤᠤᠯ ᠮᠠᠲ᠋ᠧᠷᠢᠶᠠᠯ ᠢ ᠪᠤᠴᠠᠭᠠᠨ᠎ᠠ︶᠂ ᠤᠷᠢᠨ ᠬᠡᠷᠡᠭᠯᠡᠬᠦ ᠵᠦᠪᠯᠡᠯᠴᠡᠭᠡᠷ ᠢ ᠳᠠᠭᠠᠯᠳᠤᠭᠤᠯᠬᠤ ᠶᠢ ᠱᠠᠭᠠᠷᠳᠠᠨ᠎ᠠ᠃ | ᠤᠷᠢᠨ ᠬᠡᠷᠡᠭᠯᠡᠬᠦ ᠵᠦᠪᠯᠡᠯᠴᠡᠭᠡᠷ ᠲᠤ ᠤᠪᠤᠭ ᠨᠡᠷ᠎ᠡ᠂ ᠬᠦᠢᠰᠤ ᠢᠯᠭᠠᠯ᠂ ᠨᠠᠰᠤ ᠵᠢᠯ᠂ ᠰᠤᠷᠤᠯᠭ᠎ᠠ ᠶᠢᠨ ᠨᠠᠮᠳᠠᠷ᠂ | ᠮᠡᠷᠭᠡᠵᠢᠯ ᠤᠨ ᠴᠤᠯᠠ᠂ ᠵᠢᠭᠠᠬᠤ ᠬᠢᠴᠢᠶᠡᠯ ᠤᠨ ᠲᠦᠷᠦᠯ ᠪᠤᠶᠤ ᠵᠡᠷᠭᠡ ᠲᠤᠰᠢᠶᠠᠯ ᠪᠠᠶᠢᠬᠤ ᠬᠡᠷᠡᠭᠲᠠᠢ᠃ ᠪᠠᠭᠰᠢ ᠶᠢᠨ | ᠡᠷᠬᠡ ᠠᠰᠢᠭ᠂ ᠡᠭᠦᠷᠬᠡ᠂ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ | 8᠂ ᠡᠳ᠋ ᠤᠨ ᠶᠠᠪᠤᠳᠠᠯ ᠤᠨ ᠬᠦᠮᠤᠰ ᠤᠨ ᠬᠢᠷᠢ ᠬᠡᠮ ᠤᠨ ᠬᠡᠷᠡᠴᠢᠯᠡᠯ ᠤᠨ ᠪᠢᠴᠢᠭ ᠮᠠᠲ᠋ᠧᠷᠢᠶᠠᠯ ᠪᠡᠶ᠎ᠡ ᠶᠢᠨ | ᠦᠨᠡᠮᠯᠡᠯ ᠤᠨ ᠪᠠᠭᠤᠯᠭᠠᠪᠤᠷᠢ᠂ ᠰᠤᠷᠤᠯᠭ᠎ᠠ ᠶᠢᠨ ᠨᠠᠮᠳᠠᠷ ᠤᠨ ᠦᠨᠡᠮᠯᠡᠯ ᠵᠢᠴᠢ ᠨᠢᠭᠳᠠᠯᠠᠨ ᠪᠤᠳᠤᠬᠤᠢ ᠶᠢᠨ | ᠦᠨᠡᠮᠯᠡᠯ ᠤᠨ ᠡᠬᠡ ᠮᠠᠲ᠋ᠧᠷᠢᠶᠠᠯ ᠪᠠ ᠪᠠᠭᠤᠯᠭᠠᠪᠤᠷᠢ ︵ᠬᠢᠨᠠᠨ ᠰᠢᠯᠭᠠᠭᠰᠠᠨ ᠤ ᠰᠡᠭᠦᠯᠡᠷ ᠤᠤᠯ ᠮᠠᠲ᠋ᠧᠷᠢᠶᠠᠯ ᠢ | ᠪᠤᠴᠠᠭᠠᠨ᠎ᠠ︶ ᠶᠢ ᠱᠠᠭᠠᠷᠳᠠᠨ᠎ᠠ᠃ | 9᠂ ᠪᠡᠯᠡ ᠮᠦᠩᠬᠦ ᠶᠢ ᠰᠢᠯᠭᠠᠨ ᠪᠠᠶᠢᠴᠠᠭᠠᠭᠰᠠᠨ ᠮᠡᠳᠡᠭᠦᠯᠦᠯᠳᠠ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ | ᠲᠤᠭᠳᠠᠭᠠᠭᠰᠠᠨ ᠪᠡᠯᠡ ᠮᠦᠩᠬᠦ ᠰᠢᠯᠭᠠᠨ ᠪᠠᠶᠢᠴᠠᠭᠠᠬᠤ ᠰᠠᠯᠠᠭ᠎ᠠ ᠮᠦᠴᠢᠷ ᠤᠨ ᠬᠢᠵᠦ ᠦᠭᠬᠦᠭᠰᠡᠨ ᠰᠤᠷᠭᠠᠭᠤᠯᠢ | ᠡᠷᠬᠢᠯᠡᠬᠦ ᠪᠡᠯᠡ ᠮᠦᠩᠬᠦ ᠶᠢ ᠰᠢᠯᠭᠠᠨ ᠪᠠᠶᠢᠴᠠᠭᠠᠭᠰᠠᠨ ᠮᠡᠳᠡᠭᠦᠯᠦᠯᠳᠡ ᠨᠢᠭᠡ ᠬᠡᠪ ᠤᠨ ᠭᠤᠷᠪᠠᠨ ᠬᠤᠪᠢ ᠬᠠᠩᠭᠠᠨ᠎ᠠ᠃ | | 10᠂ ᠰᠤᠷᠭᠠᠭᠤᠯᠢ ᠡᠷᠬᠢᠯᠡᠬᠦ ᠭᠠᠵᠠᠷ ᠲᠠᠯᠠᠪᠤᠷ ᠲᠦᠷᠢᠶᠡᠰᠤᠯᠡᠭᠰᠡᠨ ᠵᠦᠪᠯᠡᠯᠴᠡᠭᠡᠷ ᠵᠢᠴᠢ ᠠᠯᠪᠠᠨ | ᠬᠡᠷᠡᠴᠢᠯᠡᠭᠡ ᠶᠢᠨ ᠮᠡᠳᠡᠭᠦᠯᠦᠯᠳᠡ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ ᠲᠤᠭᠳᠠᠭᠠᠭᠰᠠᠨ ᠠᠯᠪᠠᠨ ᠬᠡᠷᠡᠴᠢᠯᠡᠭᠡ ᠶᠢᠨ | ᠭᠠᠵᠠᠷ ᠠᠴᠠ ᠬᠢᠵᠦ ᠦᠭᠬᠦᠭᠰᠡᠨ ᠵᠢᠭᠠᠨ ᠰᠤᠷᠭᠠᠬᠤ ᠭᠠᠵᠠᠷ ᠲᠠᠯᠠᠪᠤᠷ ᠲᠦᠷᠢᠶᠡᠰᠤᠯᠡᠭᠰᠡᠨ ᠬᠡᠷ᠎ᠡ ᠶᠢᠨ ᠠᠯᠪᠠᠨ | ᠬᠡᠷᠡᠴᠢᠯᠡᠭᠡ ᠶᠢᠨ ᠪᠢᠴᠢᠭ ᠢ ᠲᠤᠰᠢᠶᠠᠨ᠎ᠠ᠃ ᠦᠪᠡᠷ ᠢᠶᠠᠨ ᠰᠤᠷᠭᠠᠭᠤᠯᠢ ᠶᠢᠨ ᠪᠠᠶᠢᠷᠢ ᠲᠠᠢ ᠪᠤᠯ ᠡᠷᠬᠡᠪᠰᠢ ᠭᠡᠷ ᠭᠠᠵᠠᠷ | ᠬᠦᠷᠦᠩᠬᠡ ᠶᠢᠨ ᠰᠠᠯᠠᠭ᠎ᠠ ᠮᠦᠴᠢᠷ ᠠᠴᠠ ᠤᠯᠭᠤᠭᠰᠠᠨ ᠬᠦᠷᠦᠩᠬᠡ ᠶᠢᠨ ᠡᠷᠬᠡ ᠶᠢᠨ ᠦᠨᠡᠮᠯᠡᠯ ᠲᠠᠢ ᠪᠠᠶᠢᠬᠤ ᠬᠡᠷᠡᠭᠲᠠᠢ | ᠃ ᠰᠤᠷᠭᠠᠭᠤᠯᠢ ᠶᠢᠨ ᠪᠠᠶᠢᠷᠢ ᠨᠢ 400 ᠲᠡᠭᠰᠢ ᠲᠦᠷᠪᠡᠯᠵᠢᠨ ᠮᠧᠳ᠋ᠷ ᠠᠴᠠ ᠳᠤᠷᠤᠭᠰᠢ ᠪᠠᠶᠢᠵᠦ ᠪᠤᠯᠬᠤ ᠦᠬᠡᠢ᠃ | ᠰᠤᠷᠭᠠᠭᠤᠯᠢ ᠶᠢᠨ ᠪᠠᠶᠢᠷᠢ ᠳᠤ ᠭᠠᠯ ᠤᠨᠳᠠᠷᠠᠭᠠᠬᠤ ᠠᠮᠤᠷ ᠲᠦᠪᠰᠢᠨ ᠤ ᠬᠢᠷᠢ ᠳᠤ ᠳᠡᠩᠴᠡᠭᠰᠡᠨ ᠦᠨᠡᠮᠯᠡᠯ ᠲᠠᠢ | ᠪᠠᠶᠢᠬᠤ ᠬᠡᠷᠡᠭᠲᠠᠢ᠃ | 11᠂ ᠠᠩᠬᠠᠳᠤᠭᠠᠷ ᠤᠳᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠪᠤᠶᠤ ᠬᠡᠷᠡᠭ ᠮᠡᠳᠡᠭᠴᠢᠳ ᠤᠨ | ᠵᠦᠪᠯᠡᠯ ᠤᠨ ᠨᠡᠷᠡᠰ ᠵᠢᠴᠢ ᠳᠡᠮᠳᠡᠭᠯᠡᠯ ᠤᠨ ᠬᠦᠰᠤᠨᠦᠭᠳᠤ ᠰᠤᠷᠭᠠᠭᠤᠯᠢ ᠶᠢᠨ ᠬᠡᠷᠡᠭ ᠡᠷᠬᠢᠯᠡᠭᠴᠢᠳ ᠤᠨ ᠵᠦᠪᠯᠡᠯ ᠪᠤᠶᠤ | ᠬᠡᠷᠡᠭ ᠮᠡᠳᠡᠭᠴᠢᠳ ᠤᠨ ᠵᠦᠪᠯᠡᠯ ᠨᠢ ᠳᠠᠪᠤ ᠠᠴᠠ ᠳᠡᠭᠡᠭᠰᠢᠬᠢ ᠬᠦᠮᠤᠨ ᠢᠶᠠᠷ ᠪᠦᠷᠢᠯᠳᠤᠵᠦ᠂ ᠬᠡᠷᠡᠭ ᠡᠷᠬᠢᠯᠡᠭᠴᠢ ᠪᠤᠶᠤ | ᠬᠡᠷᠡᠭ ᠮᠡᠳᠡᠭᠴᠢ ᠢᠶᠠᠷ ᠨᠢᠬᠡ ᠬᠦᠮᠤᠨ ᠲᠤᠮᠢᠯᠠᠨ᠎ᠠ᠃ ᠰᠤᠷᠭᠠᠭᠤᠯᠢ ᠶᠢᠨ ᠬᠡᠷᠡᠭ ᠡᠷᠬᠢᠯᠡᠭᠴᠢᠳ ᠤᠨ ᠵᠦᠪᠯᠡᠯ ᠪᠤᠶᠤ | ᠬᠡᠷᠡᠭ ᠮᠡᠳᠡᠭᠴᠢᠳ ᠤᠨ ᠵᠦᠪᠯᠡᠯ ᠢ ᠰᠤᠷᠭᠠᠭᠤᠯᠢ ᠡᠷᠬᠢᠯᠡᠭᠴᠢᠳ ᠪᠤᠶᠤ ᠲᠡᠭᠦᠨ ᠤ ᠲᠦᠯᠦᠭᠡᠯᠡᠭᠴᠢ᠂ ᠵᠠᠬᠢᠷᠤᠯ᠂ | ᠪᠠᠭᠰᠢ ᠠᠵᠢᠯᠳᠠᠨ ᠠᠵᠢᠯᠴᠢᠨ ᠤ ᠲᠦᠯᠦᠭᠡᠯᠡᠭᠴᠢ ᠪᠠᠷ ᠪᠦᠷᠢᠯᠳᠤᠭᠦᠯᠵᠦ᠂ ᠡᠭᠦᠨ ᠳᠤ ᠭᠤᠷᠪᠠᠨ ᠬᠤᠪᠢ ᠶᠢᠨ | ᠨᠢᠬᠡ ᠠᠴᠠ ᠳᠡᠭᠡᠭᠰᠢᠬᠢ ᠬᠡᠷᠡᠭ ᠡᠷᠬᠢᠯᠡᠭᠴᠢ ᠪᠤᠶᠤ ᠬᠡᠷᠡᠭ ᠮᠡᠳᠡᠭᠴᠢ ᠨᠢ ᠳᠠᠪᠤᠨ ᠵᠢᠯ ᠠᠴᠠ ᠳᠡᠭᠡᠭᠰᠢ ᠰᠤᠷᠭᠠᠨ | ᠬᠦᠮᠤᠵᠢᠯ ᠤᠨ ᠵᠢᠭᠠᠨ ᠰᠤᠷᠭᠠᠬᠤ ᠠᠵᠢᠯ ᠬᠢᠭᠰᠡᠨ ᠲᠤᠷᠰᠢᠯᠭ᠎ᠠ ᠲᠠᠢ ᠪᠠᠶᠢᠬᠤ ᠬᠡᠷᠡᠭᠲᠠᠢ᠃ | 12᠂ ᠰᠤᠷᠭᠠᠭᠤᠯᠢ ᠶᠢᠨ ᠵᠤᠬᠢᠶᠠᠨ ᠪᠠᠶᠢᠭᠤᠯᠬᠤ ᠪᠠᠶᠢᠭᠤᠯᠤᠮᠵᠢ ᠶᠢᠨ ᠵᠢᠷᠤᠭ ᠰᠤᠷᠭᠠᠭᠤᠯᠢ ᠶᠢᠨ ᠵᠤᠬᠢᠶᠠᠨ | ᠪᠠᠶᠢᠭᠤᠯᠬᠤ ᠪᠠᠶᠢᠭᠤᠯᠤᠮᠵᠢ ᠶᠢᠨ ᠪᠠᠶᠢᠭᠤᠯᠤᠯᠳᠠ᠂ ᠡᠷᠬᠡ ᠴᠢᠳᠡᠪᠤᠷᠢ ᠶᠢ ᠵᠤᠬᠢᠶᠠᠨ ᠪᠠᠶᠢᠭᠤᠯᠤᠯᠳᠠ ᠶᠢᠨ | ᠪᠠᠶᠢᠭᠤᠯᠤᠮᠵᠢ ᠶᠢᠨ ᠵᠢᠷᠤᠭ ᠢᠶᠠᠷ ᠢᠯᠡᠳᠭᠡᠨ᠎ᠡ᠃ | 13᠂ ᠰᠤᠷᠭᠠᠭᠤᠯᠢ ᠶᠢᠨ ᠬᠠᠮᠢᠶᠠᠷᠤᠯᠳᠠ ᠶᠢᠨ ᠲᠦᠷᠢᠮ ᠵᠢᠴᠢ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠵᠤᠬᠢᠶᠠᠨ ᠪᠠᠶᠢᠭᠤᠯᠬᠤ ᠪᠠᠶᠢᠭᠤᠯᠤᠮᠵᠢ ᠯᠤᠭ᠎ᠠ ᠲᠤᠬᠢᠷᠠᠯᠴᠠᠭᠰᠠᠨ ᠡᠯ᠎ᠡ ᠰᠠᠯᠠᠭ᠎ᠠ ᠮᠦᠴᠢᠷ ᠤᠨ | ᠬᠠᠮᠢᠶᠠᠷᠤᠯᠳᠠ ᠶᠢᠨ ᠲᠦᠷᠢᠮ ᠵᠢᠴᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠬᠠᠩᠭᠠᠨ᠎ᠠ᠃ | ︵ᠭᠤᠷᠪᠠ︶ ᠭᠦᠢᠴᠡᠳᠭᠡᠬᠦ ᠴᠠᠭ ᠤᠨ ᠬᠢᠵᠠᠭᠠᠷ ᠮᠠᠲ᠋ᠧᠷᠢᠶᠠᠯ ᠢᠶᠠᠨ ᠪᠦᠷᠢᠳᠤᠭᠦᠯᠦᠭᠰᠡᠨ ᠤ ᠰᠡᠭᠦᠯᠡᠷ | ᠭᠤᠶᠤᠴᠢᠯᠠᠯ ᠭᠠᠷᠭᠠᠵᠦ᠂ ᠬᠦᠯᠢᠶᠡᠨ ᠠᠪᠤᠭᠰᠠᠨ ᠡᠳᠤᠷ ᠠᠴᠠ ᠡᠬᠢᠯᠡᠨ ᠭᠤᠷᠪᠠᠨ ᠰᠠᠷ᠎ᠠ ᠶᠢᠨ ᠳᠤᠳᠤᠷ᠎ᠠ ᠬᠠᠷᠢᠭᠤ | ᠦᠭᠬᠦᠨ᠎ᠠ᠃ | | |