| 1. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ | ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠪᠦᠷᠢᠳᠭᠡᠯ ᠢ ᠬᠤᠪᠢᠷᠠᠭᠤᠯᠬᠤ ᠭᠤᠶᠤᠴᠢᠯᠠᠯ ᠤᠨ ᠪᠢᠴᠢᠭ︾ | ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠤᠨ᠎ᠠ︶︔ | 2. ︽ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ | ᠭᠦᠢᠴᠡᠳᠭᠡᠭᠴᠢ ᠶᠢᠨ ᠬᠡᠷᠡᠴᠢ︾ ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠤᠨ᠎ᠠ︶ ᠬᠢᠭᠡᠳ ᠵᠢᠭᠠᠨ | ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤ ᠷᠤᠯᠠᠨ ᠭᠦᠢᠴᠡᠳᠭᠡᠭᠴᠢ ᠶᠢᠨ ᠪᠡᠶ᠎ᠡ ᠶᠢᠨ | ᠬᠡᠷᠡᠴᠢ ᠶᠢᠨ ᠬᠠᠭᠤᠯᠪᠤᠷᠢ︔ | ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠬᠦᠯᠢᠶᠡᠭᠰᠡᠨ ᠤᠷᠤᠯᠠᠨ | ᠭᠦᠢᠴᠡᠳᠭᠡᠭᠴᠢ ᠶᠢᠨ ᠬᠦᠢᠴᠡᠳᠭᠡᠬᠦ ᠵᠦᠢᠯ᠂ ᠡᠷᠭᠡ ᠮᠡᠳᠡᠯ᠂ ᠤᠯᠭᠤᠭᠰᠠᠨ ᠡᠷᠭᠡ ᠶᠢᠨ ᠴᠠᠭ ᠤᠨ ᠬᠢᠵᠠᠭᠠᠷ ᠢ | ᠲᠤᠲᠤᠷᠬᠠᠶᠢᠯᠠᠬᠤ ᠬᠡᠷᠡᠭᠲᠠᠢ᠃ 3. ︽ᠪᠦᠷᠢᠳᠭᠡᠯ ᠢ ᠬᠤᠪᠢᠷᠠᠭᠤᠯᠬᠤ ᠳᠠᠭᠠᠯᠳᠠᠭᠤᠯᠤᠯ ᠬᠦᠰᠦᠨᠦᠭᠲᠦ — | ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠮᠡᠳᠡᠭᠡ ᠵᠠᠩᠬᠢ︾ ︵ᠲᠤᠰ ᠬᠦᠮᠦᠨ ᠭᠠᠷ ᠤᠨ ᠦᠰᠦᠭ ᠵᠢᠷᠤᠵᠤ | ᠂ ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠤᠨ᠎ᠠ︶︔ | 4. ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠪᠡᠯᠡ ᠤᠷᠤᠭᠤᠯᠤᠭᠴᠢ︶ ᠠᠵᠤ ᠠᠬᠤᠶᠢᠯᠠᠯ ᠤᠨ | ᠳᠦᠷᠢᠮ ᠤᠨ ᠲᠤᠭᠲᠠᠭᠠᠯ ᠪᠠ ᠳᠡᠰ ᠳᠠᠷᠠᠭᠠᠯᠠᠯ ᠢ ᠦᠨᠳᠦᠰᠦᠯᠡᠨ ᠲᠤᠭᠳᠠᠭᠠᠭᠰᠠᠨ ᠬᠠᠤᠯᠢ ᠪᠠᠷ ᠲᠤᠭᠲᠠᠭᠠᠭᠰᠠᠨ | ᠤᠤᠯ ᠲᠦᠯᠦᠭᠡᠯᠡᠭᠴᠢ ᠶᠢᠨ ᠲᠤᠰᠢᠶᠠᠯ ᠢ ᠨᠢ ᠬᠠᠰᠤᠭᠰᠠᠨ ᠬᠡᠷᠡᠴᠢ᠂ ᠰᠢᠨ᠎ᠡ ᠪᠠᠷ ᠲᠤᠮᠢᠯᠠᠭᠰᠠᠨ ᠬᠠᠤᠯᠢ ᠪᠠᠷ | ᠲᠤᠭᠲᠠᠭᠠᠭᠰᠠᠨ ᠲᠦᠯᠦᠭᠡᠯᠡᠭᠴᠢ ᠶᠢᠨ ᠲᠤᠰᠢᠶᠠᠯ ᠡᠭᠦᠷᠭᠡᠯᠡᠭᠰᠡᠨ ᠬᠡᠷᠡᠴᠢ᠃ | ᠲᠤᠰᠢᠶᠠᠯ ᠡᠭᠦᠷᠭᠡᠯᠡᠭᠰᠡᠨ ᠬᠡᠷᠡᠴᠢ ᠳᠤ ᠠᠵᠤ ᠠᠬᠤᠶᠢᠯᠠᠯ ᠤᠨ ᠳᠦᠷᠢᠮ ᠤᠨ ᠲᠤᠭᠳᠠᠭᠠᠯ ᠶᠤᠰᠤᠭᠠᠷ | ᠡᠭᠦᠷᠭᠡᠯᠡᠭᠰᠡᠨ ᠲᠤᠰᠢᠶᠠᠯ ᠢ ᠳᠤᠳᠤᠷᠬᠠᠶᠢᠯᠠᠨ᠎ᠠ︔ ᠳᠦᠷᠢᠮ ᠳᠤ᠂ ᠲᠤᠰᠢᠶᠠᠯ ᠤᠨ ᠬᠤᠭᠤᠰᠤᠨ ᠤᠷᠤ ᠶᠢ ᠳᠡᠳ᠋ | ᠲᠤᠰᠢᠶᠠᠯᠳᠠᠨ ᠨᠢ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢ ᠤᠷᠤᠯᠠᠨᠠ ᠬᠡᠵᠦ ᠲᠤᠭᠳᠠᠭᠠᠭᠰᠠᠨ ᠪᠠᠶᠢᠪᠠᠯ᠂ | ᠲᠡᠭᠦᠨ ᠤ ᠲᠤᠰᠢᠶᠠᠯ ᠡᠭᠦᠷᠭᠡᠯᠡᠬᠦ ᠬᠡᠷᠡᠴᠢ ᠳᠤᠨᠢ ︽ᠳᠦᠷᠢᠮ ᠳᠤ ᠲᠤᠰᠢᠶᠠᠯ ᠤᠨ ᠬᠤᠭᠤᠰᠤᠨ ᠤᠷᠤ ᠶᠢ ᠳᠡᠳ᠋ | ᠲᠤᠰᠢᠶᠠᠯᠳᠠᠨ ᠨᠢ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢ ᠤᠷᠤᠯᠠᠨᠠ ᠬᠡᠵᠦ ᠲᠤᠭᠳᠠᠭᠠᠵᠠᠢ︾ ᠬᠡᠵᠤ | ᠲᠤᠳᠤᠷᠬᠠᠶᠢᠯᠠᠨ᠎ᠠ᠃ | 5. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠲᠤᠭᠳᠠᠭᠠᠯ ᠳᠤ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢ ᠬᠤᠪᠢᠷᠠᠭᠤᠯᠬᠤ ᠳᠤ ᠵᠠᠪᠠᠯ ᠬᠢᠨᠠᠨ | ᠵᠦᠪᠰᠢᠶᠡᠷᠡᠭᠦᠯᠬᠦ ᠬᠡᠷᠡᠭᠲᠠᠢ ᠭᠡᠵᠦ ᠲᠤᠭᠳᠠᠭᠠᠭᠰᠠᠨ ᠪᠠᠶᠢᠪᠠᠯ᠂ ᠬᠤᠯᠪᠤᠭᠳᠠᠯ ᠪᠦᠬᠦᠢ ᠬᠢᠨᠠᠨ ᠵᠦᠪᠰᠢᠶᠡᠷᠡᠭᠦᠯᠦᠭᠰᠡᠨ | ᠪᠢᠴᠢᠭ ᠮᠠᠲ᠋ᠧᠷᠢᠶᠠᠯ ᠪᠤᠶᠤ ᠵᠦᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔ | 6. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ︾ ᠤᠨ ᠳᠡᠳ᠋ ᠳᠡᠪᠲᠡᠷ᠃ | ᠲᠤᠳᠤᠷᠬᠠᠶᠢᠯᠠᠯᠳᠠ᠄ | 1. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠪᠦᠷᠢᠳᠭᠡᠯ ᠤᠨ ᠬᠠᠮᠢᠶᠠᠷᠤᠯᠲᠠ ᠶᠢᠨ ᠳᠦᠷᠢᠮ︾ ᠤᠨ | ᠶᠤᠰᠤᠭᠠᠷ ᠪᠠᠶᠢᠭᠤᠯᠤᠭᠰᠠᠨ ᠠᠵᠤ ᠠᠬᠤᠶᠢᠯᠠᠯᠯ ᠤᠨ ᠬᠠᠤᠯᠢ ᠶᠢᠨ ᠡᠷᠬᠡᠲᠡᠨ ᠬᠠᠤᠯᠢ ᠪᠠᠷ ᠲᠤᠭᠲᠠᠭᠠᠭᠰᠠᠨ | ᠲᠦᠯᠦᠭᠡᠯᠡᠭᠴᠢ ᠶᠢᠨ ᠪᠦᠷᠢᠳᠭᠡᠯ ᠢᠶᠠᠨ ᠬᠤᠪᠢᠷᠠᠭᠤᠯᠬᠤ ᠪᠠᠷ ᠭᠤᠶᠤᠴᠢᠯᠠᠬᠤ ᠳᠤ ᠲᠤᠰ ᠵᠢᠷᠤᠮᠵᠢᠯ ᠲᠤᠬᠢᠷᠠᠨ᠎ᠠ᠃ | 2. ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠪᠦᠷᠢᠳᠭᠡᠯ ᠢᠶᠠᠨ | ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ | ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢ︾᠂ ︽ᠪᠦᠷᠢᠳᠭᠡᠯ ᠢᠶᠠᠨ ᠬᠤᠪᠢᠷᠠᠭᠤᠯᠬᠤ | ᠳᠠᠭᠠᠯᠳᠠᠭᠤᠯᠤᠯ ᠬᠦᠰᠦᠨᠦᠭᠲᠦ — — ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠮᠡᠳᠡᠭᠡ ᠵᠠᠩᠬᠢ︾ | ᠶᠢ ᠤᠯᠤᠰ ᠤᠨ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ | ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj. | saic.gov.cn︶ ᠠᠴᠠ ᠪᠠᠭᠤᠯᠭᠠᠬᠤ ᠪᠤᠶᠤ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠪᠠᠶᠢᠭᠤᠯᠭ᠎ᠠ ᠳᠤ ᠤᠴᠢᠨ ᠠᠪᠴᠤ ᠪᠤᠯᠤᠨ᠎ᠠ᠃ | 3. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 | ᠴᠠᠭᠠᠰᠤ ᠶᠢ ᠬᠡᠷᠡᠭᠯᠡᠬᠦ ᠬᠡᠷᠡᠭᠲᠡᠢ᠃ | ᠳᠡᠭᠡᠷᠡᠬᠢ ᠵᠦᠢᠯ ᠤᠳ ᠤᠨ ᠬᠠᠭᠤᠯᠪᠥᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ | ᠮᠠᠲ᠋ᠧᠷᠢᠶᠠᠯ ᠢ ᠲᠤᠰᠢᠶᠠᠨ᠎ᠠ︔ ᠬᠠᠭᠤᠯᠪᠥᠷᠢ ᠲᠤᠰᠢᠶᠠᠬᠤ ᠳᠤ ᠬᠦᠷᠪᠠᠯ ︽ᠡᠬᠡ ᠮᠠᠲ᠋ᠧᠷᠢᠶᠠᠯ ᠲᠠᠢ ᠠᠳᠠᠯᠢ︾ ᠬᠡᠵᠤ | ᠲᠤᠲᠤᠷᠬᠠᠶᠢᠯᠠᠬᠤ ᠶᠢᠨ ᠬᠠᠮᠲᠤ ᠺᠤᠮᠫᠠᠨᠢ ᠭᠠᠷ ᠤᠨ ᠦᠰᠦᠭ ᠵᠢᠷᠤᠬᠤ ᠪᠤᠶᠤ ᠵᠢᠭᠠᠨ ᠲᠤᠭᠳᠠᠭᠠᠭᠰᠠᠨ ᠲᠦᠯᠦᠭᠡᠯᠡᠭᠴᠢ | ᠡᠰᠡᠭᠦᠯ᠎ᠡ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠨᠢ ᠠᠯᠪᠠᠨ ᠲᠠᠮᠠᠭ᠎ᠠ ᠳᠠᠷᠤᠬᠤ ᠪᠠ ᠭᠠᠷ ᠤᠨ | ᠦᠰᠦᠭ ᠵᠢᠷᠤᠬᠤ ᠬᠡᠷᠡᠭᠲᠡᠢ᠃ | |