| | | | ᠺᠤᠮᠫᠠᠨᠢ ᠶᠢ ᠨᠡᠶᠢᠯᠡᠬᠦᠯᠬᠦ ᠳᠤ ᠳᠤᠤᠷᠠᠬᠢ ᠬᠤᠶᠠᠷ ᠪᠦᠯᠦᠭ ᠮᠠᠲ᠋ᠧᠷᠢᠶᠠᠯ ᠢ ᠲᠤᠰᠢᠶᠠᠬᠤ ᠬᠡᠷᠡᠭᠲᠠᠢ᠄ | ᠨᠢᠭᠡᠳᠦᠭᠡᠷ ᠪᠦᠯᠦᠭ᠄ ᠺᠤᠮᠫᠠᠨᠢ ᠶᠢ ᠨᠡᠶᠢᠯᠡᠭᠦᠯᠬᠦ ᠬᠤᠯᠪᠤᠭᠳᠠᠯ ᠪᠦᠬᠦᠢ ᠮᠠᠲ᠋ᠧᠷᠢᠶᠠᠯ | 1. ᠺᠤᠮᠫᠠᠨᠢ ᠨᠡᠶᠢᠯᠡᠬᠦᠯᠬᠦ ᠡᠯ᠎ᠡ ᠲᠠᠯ᠎ᠠ ᠶᠢᠨ ᠭᠠᠷ ᠤᠨ ᠦᠰᠦᠭ ᠵᠢᠷᠤᠭᠰᠠᠨ ᠺᠤᠮᠫᠠᠨᠢ ᠨᠡᠶᠢᠯᠡᠬᠦᠯᠬᠦ ᠵᠦᠪᠯᠡᠯᠴᠡᠭᠡᠷ | ︵ᠺᠤᠮᠫᠠᠨᠢ ᠨᠡᠶᠢᠯᠡᠬᠦᠯᠬᠦ ᠬᠤᠶᠠᠷ ᠲᠠᠯ᠎ᠠ ᠠᠯᠪᠠᠨ ᠲᠠᠮᠠᠭ᠎ᠠ ᠪᠠᠨ ᠳᠠᠷᠤᠵᠤ᠂ ᠵᠢᠭᠠᠨ ᠲᠤᠭᠲᠠᠭᠠᠭᠰᠠᠨ ᠲᠦᠯᠦᠭᠡᠯᠡᠭᠴᠢ | ᠭᠠᠷ ᠤᠨ ᠦᠰᠦᠭ ᠵᠢᠷᠤᠨ᠎ᠠ︶︔ | ᠺᠤᠮᠫᠠᠨᠢ ᠨᠡᠶᠢᠯᠡᠭᠦᠯᠬᠦ ᠵᠦᠪᠯᠡᠯᠴᠡᠭᠡᠷ ᠳᠤ ᠳᠤᠤᠷᠠᠬᠢ ᠠᠭᠤᠯᠭ᠎ᠠ ᠤᠳ ᠢ ᠪᠠᠭᠳᠠᠭᠠᠨ᠎ᠠ᠄ | ︵1︶ ᠨᠡᠶᠢᠯᠡᠬᠦᠯᠬᠦ ᠪᠠᠷ ᠵᠦᠪᠯᠡᠭᠰᠡᠨ ᠡᠯ᠎ᠡ ᠲᠠᠯ᠎ᠠ ᠶᠢᠨ ᠨᠡᠷᠡᠶᠢᠳᠦᠯ︔ | ︵2︶ ᠨᠡᠶᠢᠯᠡᠬᠦᠯᠬᠦ ᠬᠡᠯᠪᠡᠷᠢ︔ | ︵3︶ ᠨᠡᠶᠢᠯᠡᠬᠦᠯᠦᠭᠰᠡᠨ ᠤ ᠳᠠᠷᠠᠭᠠᠬᠢ ᠺᠤᠮᠫᠠᠨᠢ ᠶᠢᠨ ᠨᠡᠷᠡᠶᠢᠳᠦᠯ︔ | ︵4︶ ᠨᠡᠶᠢᠯᠡᠬᠦᠯᠦᠭᠰᠡᠨ ᠤ ᠳᠠᠷᠠᠭᠠᠬᠢ ᠺᠤᠮᠫᠠᠨᠢ ᠶᠢᠨ ᠳᠠᠩᠰᠠᠯᠠᠭᠤᠯᠬᠤ ᠬᠦᠷᠦᠩᠭᠡ︔ | ︵5︶ ᠨᠡᠶᠢᠯᠡᠬᠦᠯᠬᠦ ᠡᠯ᠎ᠡ ᠲᠠᠯ᠎ᠠ ᠶᠢᠨ ᠠᠪᠴᠠᠭᠠᠨ ᠤ ᠡᠷᠬᠡ᠂ ᠦᠷᠢ ᠦᠭᠴᠡᠭᠡ ᠶᠢᠨ ᠤᠯᠠᠮᠵᠢᠯᠠᠨ | ᠵᠠᠯᠭᠠᠮᠵᠢᠯᠠᠬᠤ ᠲᠦᠰᠦᠯ︔ | ︵6︶ ᠬᠡᠷ᠎ᠡ ᠲᠤᠭᠳᠠᠭᠰᠠᠨ ᠴᠠᠭ ᠬᠤᠭᠤᠴᠠᠭ᠎ᠠ᠂ ᠭᠠᠵᠠᠷ ᠤᠷᠤᠨ︔ | ︵7︶ ᠨᠡᠶᠢᠯᠡᠬᠦᠯᠬᠦ ᠪᠠᠷ ᠵᠦᠪᠯᠡᠭᠰᠡᠨ ᠡᠯ᠎ᠡ ᠲᠠᠯ᠎ᠠ ᠶᠢᠨ ᠲᠤᠭᠲᠠᠭᠠᠬᠤ ᠴᠢᠬᠤᠯᠠᠲᠠᠢ ᠬᠡᠵᠤ ᠦᠵᠡᠭᠰᠡᠨ | ᠪᠤᠰᠤᠳ ᠵᠦᠢᠯᠡᠰ᠃ | 2. ᠨᠡᠶᠢᠯᠡᠬᠦᠯᠬᠦ ᠡᠯ᠎ᠡ ᠲᠠᠯ᠎ᠠ ᠶᠢᠨ ᠺᠤᠮᠫᠠᠨᠢ ᠶᠢᠨ ᠬᠤᠪᠢ ᠤᠷᠤᠭᠤᠯᠤᠭᠴᠢ ᠶᠢᠨ ᠵᠦᠪᠯᠡᠯ ᠪᠤᠶᠤ ᠺᠤᠮᠫᠠᠨᠢ | ᠨᠡᠶᠢᠯᠡᠬᠦᠯᠬᠦ ᠲᠤᠬᠠᠢ ᠬᠤᠪᠢ ᠤᠷᠤᠭᠤᠯᠤᠭᠴᠢ ᠶᠢᠨ ᠶᠡᠭᠡ ᠬᠤᠷᠠᠯ ᠤᠨ ᠲᠤᠭᠲᠠᠭᠠᠯ︔ | 3. ᠨᠡᠶᠢᠯᠡᠬᠦᠯᠬᠦ ᠡᠯ᠎ᠡ ᠲᠠᠯ᠎ᠠ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ︔ | 4. ᠬᠠᠤᠯᠢ ᠪᠠᠷ ᠨᠡᠶᠢᠲᠡᠯᠡᠭᠰᠡᠨ ᠠᠯᠪᠠᠨ ᠵᠠᠷ ᠤᠨ ᠰᠤᠨᠢᠨ︔ | 5. ᠨᠡᠶᠢᠯᠡᠭᠦᠯᠦᠭᠰᠡᠨ ᠤ ᠳᠠᠷᠠᠭᠠᠬᠢ ᠡᠳ᠋ ᠬᠦᠷᠦᠩᠬᠡ ᠶᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ︔ | 6. ᠨᠡᠶᠢᠯᠡᠬᠦᠯᠬᠦ ᠠᠴᠠ ᠪᠤᠯᠵᠦ ᠬᠦᠴᠦᠨ ᠦᠭᠡᠢ ᠪᠤᠯᠤᠭᠰᠠᠨ ᠨᠡᠶᠢᠯᠡᠬᠦᠯᠬᠦ ᠲᠠᠯ᠎ᠠ ᠶᠢᠨ ᠬᠦᠴᠦᠨ ᠦᠭᠡᠢ | ᠪᠤᠯᠭᠠᠭᠰᠠᠨ ᠬᠡᠷᠡᠴᠢ᠃ | ᠬᠤᠶᠠᠳᠤᠭᠠᠷ ᠪᠦᠯᠦᠭ᠄ ᠨᠡᠶᠢᠯᠡᠬᠦᠯᠬᠦ ᠠᠴᠠ ᠪᠤᠯᠵᠦ ᠪᠦᠷᠢᠳᠭᠡᠯ ᠬᠢᠯᠭᠡᠬᠦ᠂ ᠪᠦᠷᠢᠳᠭᠡᠯ ᠢᠶᠠᠨ ᠬᠤᠪᠢᠷᠠᠭᠤᠯᠬᠤ᠂ | ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠳᠤ ᠲᠤᠰᠢᠶᠠᠬᠤ ᠮᠠᠲ᠋ᠧᠷᠢᠶᠠᠯ᠃ | ᠰᠢᠨ᠎ᠡ ᠪᠠᠷ ᠨᠡᠶᠢᠯᠡᠭᠦᠯᠦᠭᠰᠡᠨ ᠪᠤᠯ ︽ᠺᠤᠮᠫᠠᠨᠢ ᠪᠠᠶᠢᠭᠤᠯᠤᠨ ᠪᠦᠷᠢᠳᠭᠡᠯᠭᠡᠬᠦ ᠳᠤ ᠲᠤᠰᠢᠶᠠᠬᠤ | ᠮᠠᠲ᠋ᠧᠷᠢᠶᠠᠯ ᠤᠨ ᠵᠢᠷᠤᠮᠵᠢᠯ︾ ᠤᠨ ᠶᠤᠰᠤᠭᠠᠷ ᠬᠠᠮᠢᠶ᠎ᠠ ᠪᠦᠬᠦᠢ ᠬᠦᠰᠤᠨᠦᠭᠳᠤ ᠶᠢ ᠲᠠᠭᠯᠠᠬᠤ ᠶᠢᠨ ᠬᠠᠮᠳᠤ ᠬᠠᠮᠢᠶ᠎ᠠ | ᠪᠦᠬᠦᠢ ᠮᠠᠲ᠋ᠧᠷᠢᠶᠠᠯ ᠢ ᠲᠤᠰᠢᠶᠠᠨ᠎ᠠ᠃ ᠨᠡᠶᠢᠯᠡᠬᠦᠯᠦᠨ ᠰᠢᠩᠭᠡᠭᠡᠭᠰᠡᠨ ᠪᠦᠭᠡᠳ ᠨᠡᠶᠢᠯᠡᠭᠦᠯᠦᠭᠰᠡᠨ ᠤ ᠲᠠᠷᠠᠭ᠎ᠠ | ᠦᠷᠬᠦᠯᠵᠢᠯᠡᠨ ᠤᠷᠤᠰᠢᠬᠤ ᠺᠤᠮᠫᠠᠨᠢ ᠪᠤᠯ ︽ᠺᠤᠮᠫᠠᠨᠢ ᠶᠢᠨ ᠳᠠᠩᠰᠠᠯᠠᠭᠤᠯᠤᠭᠰᠠᠨ ᠬᠦᠷᠦᠩᠭᠡ᠂ ᠪᠤᠳᠠᠲᠤ | ᠬᠤᠷᠢᠶᠠᠭᠰᠠᠨ ᠬᠦᠷᠦᠩᠭᠡ ᠶᠢᠨ ᠪᠦᠷᠢᠳᠭᠡᠯ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ︾ | ᠶᠤᠰᠤᠭᠠᠷ ᠬᠤᠯᠪᠤᠭᠳᠠᠯ ᠪᠦᠬᠦᠢ ᠬᠦᠰᠤᠨᠦᠭᠳᠤ ᠶᠢ ᠲᠠᠭᠯᠠᠬᠤ ᠶᠢᠨ ᠬᠠᠮᠳᠤ ᠬᠠᠮᠢᠶ᠎ᠠ ᠪᠦᠬᠦᠢ ᠮᠠᠲ᠋ᠧᠷᠢᠶᠠᠯ ᠢ | ᠲᠤᠰᠢᠶᠠᠨ᠎ᠠ︔ ᠨᠡᠶᠢᠯᠡᠬᠦᠯᠦᠨ ᠰᠢᠩᠭᠡᠭᠡᠭᠰᠡᠨ ᠤ ᠳᠠᠷᠠᠭ᠎ᠠ ᠪᠤᠰᠤᠳ ᠪᠦᠷᠢᠳᠭᠡᠯᠬᠡᠬᠦ ᠵᠦᠢᠯᠡᠰ ᠢ ᠬᠤᠪᠢᠷᠠᠭᠤᠯᠬᠤ ᠲᠠᠢ | ᠬᠤᠯᠪᠤᠭᠳᠠᠪᠠᠯ᠂ ᠬᠠᠮᠢᠶ᠎ᠠ ᠪᠦᠬᠦᠢ ᠪᠦᠷᠢᠳᠭᠡᠯ ᠢ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ | ᠶᠤᠰᠤᠭᠠᠷ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠵᠤ᠂ ᠳᠠᠪᠬᠤᠷᠳᠠᠭᠰᠠᠨ ᠮᠠᠲ᠋ᠧᠷᠢᠶᠠᠯ ᠢ ᠳᠠᠬᠢᠨᠳᠠ ᠲᠤᠰᠢᠶᠠᠬᠤ | ᠬᠡᠷᠡᠭ ᠦᠭᠡᠢ᠃ ᠨᠡᠶᠢᠯᠡᠬᠦᠯᠦᠭᠰᠡᠨ ᠤ ᠲᠠᠷᠠᠭ᠎ᠠ ᠦᠯᠦ ᠦᠯᠡᠳᠡᠬᠦ ᠺᠣᠮᠫᠠᠨᠢ ᠪᠤᠯ ᠨᠡᠶᠢᠯᠡᠬᠦᠯᠦᠭᠰᠡᠨ ᠤ ᠳᠠᠷᠠᠭ᠎ᠠ | ᠦᠷᠭᠦᠯᠵᠢᠯᠡᠨ ᠤᠷᠤᠰᠢᠬᠤ ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠠᠴᠠ ᠡᠮᠦᠨ᠎ᠡ ᠪᠤᠶᠤ ᠨᠡᠶᠢᠯᠡᠬᠦᠯᠦᠭᠰᠡᠨ ᠤ | ᠳᠠᠷᠠᠭ᠎ᠠ ᠦᠷᠬᠦᠯᠵᠢᠯᠡᠨ ᠤᠷᠤᠰᠢᠬᠤ ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠲᠠᠢ ᠨᠢ ᠴᠤᠭ ᠺᠤᠮᠫᠠᠨᠢ ᠶᠢᠨ | ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠭᠠᠷᠳᠠᠮ ᠬᠦᠢᠴᠡᠳᠭᠡᠵᠤ᠂ ︽ᠪᠦᠷᠢᠳᠭᠡᠯ ᠢ ᠬᠦᠴᠦᠨ ᠦᠭᠡᠢ | ᠪᠤᠯᠭᠠᠭᠰᠠᠨ ᠢ ᠵᠦᠪᠰᠢᠶᠡᠷᠡᠭᠰᠡᠨ ᠮᠡᠳᠡᠭᠳᠡᠯ︾ ᠢ ᠨᠡᠶᠢᠯᠡᠬᠦᠯᠦᠭᠰᠡᠨ ᠤ ᠳᠠᠷᠠᠭ᠎ᠠ ᠦᠷᠬᠦᠯᠵᠢᠯᠡᠨ ᠤᠷᠤᠰᠢᠬᠤ | ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠮᠠᠲ᠋ᠧᠷᠢᠶᠠᠯ ᠪᠤᠯᠭᠠᠬᠤ ᠬᠡᠷᠡᠭᠲᠠᠢ᠃ | | ᠲᠤᠳᠤᠷᠬᠠᠶᠢᠯᠠᠯᠳᠠ᠄ | 1. ᠨᠡᠶᠢᠯᠡᠭᠦᠯᠦᠯᠳᠠ ᠨᠢ ᠪᠦᠷᠢᠳᠭᠡᠯ ᠢᠶᠠᠨ ᠬᠦᠴᠦᠨ ᠦᠭᠡᠢ ᠪᠤᠯᠭᠠᠬᠤ ᠲᠠᠢ ᠬᠤᠯᠪᠤᠭᠳᠠᠪᠠᠯ᠂ ᠨᠡᠶᠢᠯᠡᠬᠦᠯᠬᠦ | ᠵᠦᠪᠯᠡᠯᠴᠡᠭᠡᠷ ᠳᠤ ᠲᠤᠲᠤᠷᠬᠠᠶᠢᠯᠠᠭᠰᠠᠨ ᠨᠡᠶᠢᠯᠡᠬᠦᠯᠦᠭᠰᠡᠨ ᠺᠤᠮᠫᠠᠨᠢ ᠶᠢᠨ ᠠᠪᠴᠠᠭᠠᠨ ᠤ ᠡᠷᠬᠡ᠂ ᠦᠷᠢ ᠦᠭᠴᠢᠭᠡ ᠶᠢᠨ | ᠤᠯᠠᠮᠵᠢᠯᠠᠨ ᠵᠠᠯᠭᠠᠮᠵᠢᠯᠠᠬᠤ ᠲᠦᠰᠦᠯ ᠢ ᠦᠨᠳᠦᠰᠦᠯᠡᠨ᠂ ᠨᠠᠷᠢᠨ ᠪᠤᠳᠤᠬᠤ ᠦᠭᠡᠢ ᠪᠦᠭᠡᠳ ᠪᠦᠷᠢᠳᠭᠡᠯ ᠢᠶᠠᠨ | ᠬᠦᠴᠦᠨ ᠦᠭᠡᠢ ᠪᠤᠯᠭᠠᠬᠤ ᠳᠤ ᠨᠠᠷᠢᠨ ᠪᠤᠳᠤᠭᠰᠠᠨ ᠮᠡᠳᠡᠭᠦᠯᠦᠯᠲᠡ ᠲᠤᠰᠢᠶᠠᠬᠤ ᠦᠭᠡᠢ ᠪᠠᠶᠢᠵᠤ ᠪᠤᠯᠤᠨ᠎ᠠ︔ | ᠭᠡᠬᠦ ᠳᠡᠭᠡᠨ ᠬᠡᠷᠪᠡ ᠨᠡᠶᠢᠯᠡᠬᠦᠯᠬᠦ ᠵᠦᠪᠯᠡᠯᠴᠡᠭᠡᠷ ᠳᠤ ᠬᠦᠴᠦᠨ ᠦᠭᠡᠢ ᠪᠤᠯᠭᠠᠬᠤ ᠲᠠᠯ᠎ᠠ ᠨᠢ ᠤᠷᠢᠳᠠᠵᠤ ᠨᠠᠷᠢᠨ | ᠪᠤᠳᠤᠬᠤ ᠵᠦᠢᠯᠡᠰ ᠢᠶᠠᠨ ᠬᠦᠢᠴᠡᠳᠭᠡᠭᠰᠡᠨ ᠪᠠᠶᠢᠬᠤ ᠬᠡᠷᠡᠭᠲᠠᠢ ᠬᠡᠵᠦ ᠳᠤᠭᠳᠠᠭᠠᠭᠰᠠᠨ ᠪᠤᠯ ᠡᠭᠦᠨ ᠳᠤ ᠪᠠᠭᠳᠠᠬᠤ | ᠦᠬᠡᠢ᠃ | 2. ᠨᠡᠶᠢᠯᠡᠭᠦᠯᠦᠭᠰᠡᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠺᠤᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ | ᠨᠡᠶᠢᠯᠡᠭᠦᠯᠦᠨ ᠰᠢᠩᠭᠡᠭᠡᠭᠡᠳ ᠦᠷᠬᠦᠯᠵᠢᠯᠡᠨ ᠤᠷᠤᠰᠢᠬᠤ ᠺᠤᠮᠫᠠᠨᠢ ᠶᠢᠨ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ | ᠬᠡᠪᠴᠢᠶᠡᠨ ᠳᠤ᠂ ᠬᠠᠤᠯᠢ ᠴᠠᠭᠠᠵᠠ ᠬᠠᠤᠯᠢ ᠲᠤᠭᠲᠠᠭᠠᠯ ᠲᠠᠢ ᠬᠤᠯᠪᠤᠭᠳᠠᠵᠦ᠂ ᠪᠦᠷᠢᠳᠭᠡᠯᠭᠡᠬᠦ ᠠᠴᠠ ᠪᠠᠨ ᠡᠮᠦᠨ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠭᠦᠯᠪᠡᠯ ᠵᠤᠬᠢᠬᠤ ᠶᠢ ᠨᠢ᠂ | ᠪᠦᠷᠢᠳᠭᠡᠯᠭᠡᠬᠦ ᠠᠴᠠ ᠪᠠᠨ ᠡᠮᠦᠨ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ | ᠵᠦᠪᠰᠢᠶᠡᠷᠡᠭᠦᠯᠦᠭᠡᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠤᠨ ᠪᠢᠴᠢᠭ ᠮᠠᠲ᠋ᠧᠷᠢᠶᠠᠯ᠂ | ᠬᠡᠷᠡᠴᠢ ᠪᠠᠷ ᠢᠶᠠᠨ ᠪᠦᠷᠢᠳᠭᠡᠨ ᠳᠠᠩᠰᠠᠯᠠᠭᠤᠯᠬᠤ ᠬᠡᠷᠡᠭᠲᠠᠢ᠃ | 3. ᠨᠡᠶᠢᠯᠡᠭᠦᠯᠦᠭᠰᠡᠨ ᠠᠴᠠ ᠪᠤᠯᠵᠦ ᠪᠦᠷᠢᠳᠭᠡᠯᠭᠡᠬᠦ᠂ ᠪᠦᠷᠢᠳᠭᠡᠯ ᠢᠶᠠᠨ ᠬᠤᠪᠢᠷᠠᠭᠤᠯᠬᠤ ᠂ ᠪᠦᠷᠢᠳᠭᠡᠯ ᠢᠶᠠᠨ | ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ ᠳᠤ᠂ ᠨᠡᠶᠢᠯᠡᠭᠦᠯᠦᠭᠰᠡᠨ ᠢ ᠨᠡᠶᠢᠳᠡᠯᠡᠭᠰᠡᠨ 45 ᠡᠳᠦᠷ ᠤᠨ ᠬᠤᠶᠢᠨ᠎ᠠ | ᠭᠤᠶᠤᠴᠢᠯᠠᠬᠤ ᠬᠡᠷᠡᠭᠲᠠᠢ᠃ | 4. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠶᠢᠨ | ᠴᠠᠭᠠᠰᠤ ᠶᠢ ᠬᠡᠷᠡᠭᠯᠡᠬᠦ ᠬᠡᠷᠡᠭᠲᠡᠢ᠃ |