| | 1. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ | ᠪᠦᠷᠢᠳᠭᠡᠯ ᠢᠶᠠᠨ ᠬᠤᠪᠢᠷᠠᠭᠠᠬᠤ ᠭᠤᠶᠤᠴᠢᠯᠠᠯ ᠤᠨ ᠪᠢᠴᠢᠭ︾ ︵ᠺᠤᠮᠫᠠᠨᠢ ᠠᠯᠪᠠᠨ ᠲᠠᠮᠠᠭ᠎ᠠ ᠪᠠᠨ ᠳᠠᠷᠤᠨ᠎ᠠ︶︔ | 2. ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ | ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠬᠡᠷᠡᠴᠢ︾ ︵ᠺᠤᠮᠫᠠᠨᠢ ᠠᠯᠪᠠᠨ ᠲᠠᠮᠠᠭ᠎ᠠ | ᠪᠠᠨ ᠳᠠᠷᠤᠨ᠎ᠠ︶ ᠪᠤᠯᠤᠨ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠶᠢ ᠬᠦᠯᠢᠶᠡᠭᠰᠡᠨ ᠤᠷᠤᠯᠠᠨ | ᠬᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ | ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ | ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃ | 3. ᠺᠣᠮᠫᠠᠨᠢ ᠶᠢᠨ ᠳᠦᠷᠢᠮ ᠳᠤ ᠵᠠᠰᠠᠪᠤᠷᠢ ᠤᠷᠤᠭᠤᠯᠬᠤ ᠲᠣᠬᠠᠢ ᠰᠢᠢᠳᠪᠦᠷᠢ᠂ ᠲᠣᠭᠲᠠᠭᠠᠯ︔ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯ ᠭᠤᠷᠪᠠᠨ ᠤ ᠬᠤᠶᠠᠷ ᠠᠴᠠ ᠳᠡᠭᠡᠭᠰᠢᠬᠢ ᠪᠠᠳᠤᠯᠠᠬᠤ ᠡᠷᠭᠡ ᠲᠠᠢ | ᠬᠤᠪᠢ ᠤᠷᠤᠭᠤᠯᠤᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠬᠤᠷᠠᠯ ᠤᠨ | ᠰᠢᠢᠳᠪᠦᠷᠢ ᠶᠢ ᠲᠤᠰᠢᠶᠠᠨ᠎ᠠ︔ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠪᠤᠯ ᠬᠤᠷᠠᠯ ᠤᠨ ᠡᠷᠬᠢᠯᠡᠭᠴᠢ | ᠬᠢᠭᠡᠳ ᠬᠤᠷᠠᠯ ᠳᠤ ᠤᠷᠤᠯᠴᠠᠭᠰᠠᠨ ᠬᠡᠷᠡᠭ ᠮᠡᠳᠡᠭᠴᠢᠳ ᠤᠨ ᠭᠠᠷ ᠤᠨ ᠦᠰᠦᠭ ᠵᠢᠷᠤᠭᠰᠠᠨ ᠬᠤᠪᠢ | ᠤᠷᠤᠭᠤᠯᠤᠭᠴᠢᠳ ᠤᠨ ᠶᠡᠭᠡ ᠬᠤᠷᠠᠯ ᠤᠨ ᠲᠡᠮᠳᠡᠭᠯᠡᠯ ᠢ ᠲᠤᠰᠢᠶᠠᠨ᠎ᠠ︔ ᠭᠠᠭᠴᠠ ᠬᠦᠮᠦᠨ ᠤ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠪᠤᠯ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠪᠢᠴᠢᠭ ᠤᠨ | ᠰᠢᠢᠳᠪᠦᠷᠢ ᠶᠢ ᠲᠤᠰᠢᠶᠠᠬᠤ ᠬᠡᠷᠡᠭᠲᠠᠢ︔ ᠤᠯᠤᠰ ᠤᠨ ᠦᠮᠴᠢᠯᠠᠯᠲᠦ ᠲᠤᠰᠠᠭᠠᠷ ᠪᠡᠯᠡ ᠤᠷᠤᠭᠤᠯᠤᠭᠰᠠᠨ ᠺᠤᠮᠫᠠᠨᠢ | ᠪᠤᠯ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠤᠶᠤ | ᠲᠡᠭᠦᠨ ᠤ ᠡᠷᠬᠡ ᠤᠯᠭᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ | ᠲᠤᠰᠢᠶᠠᠨ᠎ᠠ᠃ | 4. ᠵᠠᠰᠠᠪᠤᠷᠢ ᠤᠷᠤᠭᠤᠯᠤᠭᠰᠠᠨ ᠺᠤᠮᠫᠠᠨᠢ ᠶᠢᠨ ᠳᠦᠷᠢᠮ ᠪᠤᠶᠤ ᠺᠤᠮᠫᠠᠨᠢ ᠶᠢᠨ ᠳᠦᠷᠢᠮ ᠳᠡᠭᠡᠨ ᠵᠠᠰᠠᠪᠤᠷᠢ | ᠤᠷᠤᠭᠤᠯᠬᠤ ᠲᠦᠰᠦᠯ ︵ᠺᠤᠮᠫᠠᠨᠢ ᠶᠢᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠭᠠᠷ ᠤᠨ ᠦᠰᠦᠭ ᠵᠢᠷᠤᠨ᠎ᠠ︶ | ︔ | 5. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠤᠭᠳᠠᠭᠠᠯ ᠳᠤ ᠡᠵᠡᠩᠨᠡᠯᠲᠡ ᠶᠢᠨ ᠴᠠᠭ ᠤᠨ ᠬᠢᠵᠠᠭᠠᠷ ᠢ ᠬᠤᠪᠢᠷᠠᠭᠤᠯᠬᠤ ᠳᠤ ᠡᠷᠬᠡᠪᠰᠢ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠪᠠᠯ᠂ ᠬᠤᠯᠪᠤᠭᠳᠠᠯ ᠪᠦᠬᠦᠢ ᠵᠥᠪᠰᠢᠶᠡᠷᠡᠯ ᠤᠨ ᠪᠢᠴᠢᠭ | ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔ | 6. ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ᠃ | | ᠲᠤᠲᠤᠷᠬᠠᠶᠢᠯᠠᠯᠲᠠ᠄ | 1. ︽ᠺᠤᠮᠫᠠᠨᠢ ᠶᠢᠨ ᠬᠠᠤᠯᠢ︾᠂ ︽ᠺᠤᠮᠫᠠᠨᠢ ᠶᠢᠨ ᠪᠦᠷᠢᠳᠬᠡᠯ ᠤᠨ ᠬᠠᠮᠢᠶᠠᠷᠤᠯᠲᠠ ᠶᠢᠨ ᠳᠦᠷᠢᠮ︾ ᠤᠨ | ᠶᠤᠰᠤᠭᠠᠷ ᠪᠠᠶᠢᠭᠤᠯᠤᠭᠰᠠᠨ ᠺᠤᠮᠫᠠᠨᠢ ᠡᠵᠡᠩᠨᠡᠯᠳᠡ ᠶᠢᠨ ᠴᠠᠭ ᠬᠤᠭᠤᠴᠠᠭ᠎ᠠ ᠶᠢᠨ ᠪᠦᠷᠢᠳᠭᠡᠯ ᠢᠶᠠᠨ | ᠬᠤᠪᠢᠷᠠᠭᠤᠯᠬᠤ ᠪᠠᠷ ᠭᠤᠶᠤᠴᠢᠯᠠᠬᠤ ᠳᠤ ᠲᠤᠰ ᠵᠢᠷᠤᠮᠵᠢᠯ ᠳᠣᠬᠢᠷᠠᠨ᠎ᠠ᠃ | 2. ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠵᠢᠭᠠᠨ | ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ | ᠭᠡᠷᠡᠴᠢ︾ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵ | http://qyj.saic.gov.cn︶ ᠠᠴᠠ ᠪᠠᠭᠤᠯᠭᠠᠬᠤ | ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠤᠴᠢᠨ | ᠠᠪᠴᠤ ᠪᠤᠯᠤᠨ᠎ᠠ᠃ | 3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠠᠭᠠᠨ A4 ᠴᠠᠭᠠᠰᠤ ᠶᠢ | ᠬᠡᠷᠡᠭᠯᠡᠨ᠎ᠡ᠃ ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ | ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠶᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ | ᠲᠤᠲᠤᠷᠬᠠᠶᠢᠯᠠᠬᠤ ᠶᠢᠨ ᠬᠠᠮᠲᠤ ᠺᠣᠮᠫᠠᠨᠢ ᠭᠠᠷ ᠤᠨ ᠦᠰᠦᠭ ᠵᠢᠷᠤᠬᠤ ᠡᠰᠡᠭᠦᠯ᠎ᠡ ᠵᠢᠭᠠᠨ ᠲᠤᠭᠲᠠᠭᠠᠭᠰᠠᠨ | ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ | ᠭᠠᠷ ᠤᠨ ᠦᠰᠦᠭ ᠢᠶᠠᠨ ᠵᠢᠷᠤᠨ᠎ᠠ᠃ | 4. ᠳᠡᠭᠡᠷᠡᠬᠢ ᠵᠦᠢᠯ ᠤᠳ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠬᠤ ᠲᠠᠢ ᠬᠤᠯᠪᠤᠭᠳᠠᠪᠠᠯ᠂ | ᠪᠠᠶᠢᠭᠠᠯᠢᠯᠢᠭ ᠬᠦᠮᠦᠨ ᠬᠤᠪᠢ ᠤᠷᠤᠭᠤᠯᠤᠭᠴᠢ ᠨᠢ ᠪᠠᠶᠢᠭᠠᠯᠢᠯᠢᠭ ᠬᠦᠮᠦᠨ ᠪᠤᠯ ᠦᠪᠡᠷ ᠢᠶᠠᠨ ᠭᠠᠷ ᠤᠨ ᠦᠰᠦᠭ | ᠵᠢᠷᠤᠨ᠎ᠠ︔ ᠪᠠᠶᠢᠭᠠᠯᠢᠯᠢᠭ ᠬᠦᠮᠦᠨ ᠠᠴᠠ ᠭᠠᠳᠠᠨᠠᠬᠢ ᠬᠤᠪᠢ ᠤᠷᠤᠭᠤᠯᠤᠭᠴᠢ ᠪᠤᠯ ᠠᠯᠪᠠᠨ ᠲᠠᠮᠠᠭ᠎ᠠ ᠳᠠᠷᠤᠨ᠎ᠠ᠃ |