ᠲᠣᠳᠤᠭᠠᠳᠤ ᠪᠡᠯᠡ ᠶᠢᠨ ᠠᠵᠤ ᠠᠬᠤᠶᠢᠯᠠᠯ ᠢ ᠭᠠᠳᠠᠭᠠᠳᠤ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ ᠪᠣᠯᠭᠠᠨ ᠬᠤᠪᠢᠷᠠᠭᠠᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/22
           1. ᠬᠠᠣᠯᠢ ᠪᠠᠷ ᠲᠤᠭᠳᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ᠳᠤᠳᠤᠭᠠᠳᠤ ᠪᠡᠯᠡ ᠶᠢᠨ ᠠᠵᠤ ᠠᠬᠤᠶᠢᠯᠠᠯ ᠢ ᠭᠠᠳᠠᠭᠠᠳᠤ ᠬᠤᠳᠠᠯᠳᠤᠭᠠᠴᠢᠨ ᠤ ᠪᠡᠯᠡ ᠣᠷᠣᠭᠤᠯᠣᠭᠰᠠᠨ ᠠᠵᠤ ᠠᠬᠤᠶᠢᠯᠠᠯ ᠪᠣᠯᠭᠠᠨ ᠬᠤᠪᠢᠷᠠᠭᠠᠬᠤ ᠭᠤᠶᠤᠴᠢᠯᠠᠯ ᠤᠨ ᠮᠡᠳᠡᠭᠦᠯᠦᠯᠲᠡ︔      2. ᠠᠵᠤ ᠠᠬᠤᠶᠢᠯᠠᠯ ᠤᠨ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠭᠡᠷᠡᠴᠢ︾ ︵ᠠᠵᠤ ᠠᠬᠤᠶᠢᠯᠠᠯ / ᠺᠣᠮᠫᠠᠨᠢ ᠠᠯᠪᠠᠨ ᠲᠠᠮᠠᠭ᠎ᠠ ᠲᠠᠷᠤᠨ᠎ᠠ︶ ᠵᠢᠴᠢ ᠵᠢᠭᠠᠨ ᠲᠣᠭᠲᠠᠭᠠᠭᠰᠠᠨ ᠲᠥᠯᠥᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔     ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃     3. ᠭᠠᠳᠠᠭᠠᠳᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠬᠢᠨᠠᠨ ᠵᠥᠪᠰᠢᠶᠡᠷᠡᠬᠦ ᠰᠠᠯᠠᠭ᠎ᠠ ᠮᠦᠴᠢᠷ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠵᠢᠴᠢ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ︔      4. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ︔      5. ᠭᠠᠳᠠᠭᠠᠳᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠳᠠᠩᠰᠠᠯᠠᠭᠤᠯᠬᠤ ᠲᠣᠭᠲᠠᠭᠠᠯ ᠶᠣᠰᠤᠭᠠᠷ ᠬᠠᠷᠢᠴᠠᠩᠭᠤᠢ ᠪᠢᠴᠢᠭ ᠮᠠᠲ᠋ᠧᠷᠢᠶᠠᠯ ᠢ ᠲᠤᠰᠢᠶᠠᠨ᠎ᠠ᠃    ᠲᠣᠲᠤᠷᠬᠠᠶᠢᠯᠠᠯᠲᠠ᠄     1. ᠠᠵᠤ ᠠᠬᠤᠶᠢᠯᠠᠯ ᠵᠥᠪᠰᠢᠶᠡᠷᠡᠯ ᠢᠶᠠᠷ ᠳᠠᠮᠵᠢᠨ ᠭᠠᠳᠠᠭᠠᠳᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠳᠤ ᠲᠤᠰ ᠵᠢᠷᠤᠮᠵᠢᠯ ᠳᠤᠬᠢᠷᠠᠨ᠎ᠠ᠃      2. ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠎ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠤᠴᠢᠨ ᠠᠪᠴᠤ ᠪᠤᠯᠤᠨ᠎ᠠ᠃      3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠶᠢ ᠬᠡᠷᠡᠭᠯᠡᠨ᠎ᠡ᠃      ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ ᠲᠤᠲᠤᠷᠬᠠᠶᠢᠯᠠᠬᠤ ᠶᠢᠨ ᠬᠠᠮᠲᠤ ᠠᠵᠤ ᠠᠬᠤᠶᠢᠯᠠᠯ ᠭᠠᠷ ᠤᠨ ᠦᠰᠦᠭ ᠵᠢᠷᠤᠬᠤ ᠡᠰᠡᠭᠦᠯ᠎ᠡ ᠲᠡᠭᠦᠨ ᠤ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1