ᠡᠵᠡᠩᠨᠡᠯᠲᠡ ᠶᠢᠨ ᠦᠨᠡᠮᠯᠡᠯ ᠢᠶᠠᠨ ᠭᠡᠭᠡᠵᠦ ᠨᠥᠬᠦᠨ ᠠᠪᠬᠤ / ᠰᠣᠯᠢᠵᠣ ᠠᠪᠬᠤ ᠪᠠᠷ ᠭᠤᠶᠤᠴᠢᠯᠠᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2017/11/22
     1. ᠬᠠᠣᠯᠢ ᠪᠠᠷ ᠲᠤᠭᠳᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ᠡᠵᠡᠩᠨᠡᠯᠲᠡ ᠶᠢᠨ ᠦᠨᠡᠮᠯᠡᠯ ᠢᠶᠠᠨ ᠭᠡᠭᠡᠬᠡᠳ ᠨᠥᠬᠦᠨ ᠠᠪᠬᠤ / ᠰᠣᠯᠢᠵᠣ ᠠᠪᠬᠤ ᠭᠤᠶᠤᠴᠢᠯᠠᠯ ᠤᠨ ᠮᠡᠳᠡᠭᠦᠯᠦᠯᠲᠡ ︵ᠠᠭᠤᠯᠭ᠎ᠠ᠄ ᠦᠨᠡᠮᠯᠡᠯ ᠢᠶᠠᠨ ᠭᠡᠭᠡᠭᠰᠡᠨ ᠪᠠᠶᠢᠳᠠᠯ︔ ᠺᠣᠮᠫᠠᠨᠢ / ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠣᠨ᠎ᠠ︶︔      2. ᠺᠣᠮᠫᠠᠨᠢ / ᠠᠵᠤ ᠠᠬᠤᠶᠢᠯᠠᠯ ᠤᠨ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾ ︵ᠺᠣᠮᠫᠠᠨᠢ / ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠣᠨ᠎ᠠ︶ ᠵᠢᠴᠢ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔       ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃     3. ᠡᠵᠡᠩᠨᠡᠯᠲᠡ ᠶᠢᠨ ᠦᠨᠡᠮᠯᠡᠯ ᠢᠶᠠᠨ ᠭᠡᠭᠡᠭᠰᠡᠨ ᠢ ᠨᠡᠶᠢᠲᠡᠯᠡᠬᠦ ᠶᠢᠨ ᠬᠠᠮᠲᠤ ᠬᠦᠴᠦᠨ ᠦᠭᠡᠢ ᠪᠣᠯᠭᠠᠬᠤ ᠪᠠᠷ ᠢᠯᠡᠷᠬᠡᠶᠢᠯᠡᠭᠰᠡᠨ ᠰᠣᠨᠢᠨ ︔      4. ᠺᠣᠮᠫᠠᠨᠢ ︵ᠠᠵᠤ ᠠᠬᠤᠶᠢᠯᠠᠯ︶᠎ ᠤᠨ ᠡᠵᠡᠩᠨᠡᠯᠲᠡ ᠶᠢᠨ ᠦᠨᠡᠮᠯᠡᠯ ᠤᠨ ᠳᠡᠳ᠋ ᠲᠡᠪᠳᠡᠷ᠃     ᠲᠣᠲᠣᠷᠬᠠᠶᠢᠯᠠᠯᠲᠠ᠄     1. ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ  ᠶᠢ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠎ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn︶᠎ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠤᠴᠢᠨ ᠠᠪᠴᠤ ᠪᠤᠯᠤᠨ᠎ᠠ᠃      2. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠡᠭᠡᠨ A4 ᠴᠠᠭᠠᠰᠤ ᠬᠡᠷᠡᠭᠯᠡᠨ᠎ᠡ᠃ ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1