ᠡᠷᠦᠬᠡ ᠰᠠᠯᠭᠠᠬᠤ ᠪᠠ ᠡᠷᠦᠬᠡ ᠨᠡᠶᠢᠯᠡᠭᠦᠯᠬᠦ
ᠨᠡᠶᠢᠲᠡᠯᠡᠭᠰᠡᠨ ᠴᠠᠭ᠄
2017/11/22
     ᠬᠡᠷᠬᠢᠨ ᠭᠤᠶᠤᠴᠢᠯᠠᠨ ᠠᠪᠬᠤ᠄     ᠡᠷᠦᠬᠡ ᠠᠮᠠ ᠶᠢᠨ ᠳᠠᠩᠰᠠᠯᠠᠯ ᠢ ᠡᠷᠦᠬᠡ ᠪᠠᠷ ᠨᠢᠭᠡᠴᠢ ᠪᠣᠯᠭᠠᠵᠤ᠂ ᠡᠷᠦᠬᠡ ᠶᠢᠨ ᠡᠵᠡᠨ ᠲᠠᠢ ᠬᠠᠮᠲᠤ ᠰᠠᠭᠤᠵᠤ ᠪᠠᠶᠢᠭ᠎ᠠ ᠶᠢ ᠨᠢᠭᠡ ᠡᠷᠦᠬᠡ ᠪᠣᠯᠭᠠᠬᠤ ᠬᠡᠷᠡᠭᠲᠡᠢ︔ ᠭᠠᠭᠴᠠ ᠪᠡᠶ᠎ᠡ ᠪᠠᠷ ᠢᠶᠠᠨ ᠰᠠᠭᠤᠵᠦ ᠪᠠᠶᠢᠭ᠎ᠠ ᠪᠣᠯ ᠠᠰᠳᠠᠭᠠᠨ ᠨᠢᠭᠡ ᠡᠷᠦᠬᠡ ᠪᠣᠯᠵᠤ ᠪᠣᠯᠣᠨ᠎ᠠ︔ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ᠂ ᠠᠵᠢᠯ ᠦᠢᠯᠡᠰ ᠵᠡᠷᠭᠡ ᠨᠢᠭᠡᠴᠡ ᠶᠢᠨ ᠲᠣᠲᠤᠭᠠᠳᠤ ᠪᠠ ᠬᠠᠮᠲᠤ ᠶᠢᠨ ᠪᠠᠶᠢᠷᠢ ᠳᠤ ᠰᠠᠭᠤᠵᠤ ᠪᠠᠶᠢᠭ᠎ᠠ ᠠᠵᠢᠯᠲᠠᠨ ᠠᠵᠢᠯᠴᠢᠨ᠂ ᠰᠤᠷᠤᠭᠴᠢ ᠪᠣᠯ ᠬᠠᠮᠲᠤ ᠳᠠᠭᠠᠨ ᠨᠢᠭᠡ ᠡᠷᠦᠬᠡ ᠪᠣᠯᠤᠨ᠎ᠠ᠂ ᠲᠤᠰᠠᠭᠠᠷ ᠢᠶᠠᠨ ᠡᠷᠦᠬᠡ ᠪᠣᠯᠵᠤ ᠪᠣᠯᠬᠤ ᠦᠭᠡᠢ᠃     ᠦᠷ᠎ᠡ ᠬᠡᠦᠬᠡᠳ ᠤᠷᠤᠭᠯᠠᠭᠰᠠᠨ ᠤ ᠳᠠᠷᠠᠭ᠎ᠠ ᠨᠢᠭᠡᠨᠲᠡ ᠲᠤᠰᠠᠭᠠᠷ ᠢᠶᠠᠨ ᠠᠮᠢᠳᠤᠷᠠᠵᠤ᠂ ᠣᠷᠣᠰᠢᠨ ᠰᠠᠭᠤᠬᠤ ᠨᠦᠭᠦᠴᠡᠯ ᠲᠠᠢ ᠪᠣᠯ ᠡᠷᠦᠬᠡ ᠰᠠᠯᠵᠤ ᠪᠣᠯᠣᠨ᠎ᠠ︔ ᠤᠷᠤᠭᠯᠠᠭᠠᠳᠤᠢ ᠦᠷ᠎ᠡ ᠬᠡᠦᠬᠡᠳ ᠪᠣᠯᠣᠨ ᠡᠴᠢᠭᠡ ᠡᠬᠡ ᠶᠢᠨ ᠬᠤᠭᠤᠷᠣᠨᠳᠤ᠂ ᠡᠷ᠎ᠡ ᠡᠮ᠎ᠡ ᠶᠢᠨ ᠬᠤᠭᠤᠷᠣᠨᠳᠤ ᠲᠤᠰᠠᠭᠠᠷ ᠢᠶᠠᠨ ᠡᠷᠦᠬᠡ ᠰᠠᠯᠬᠤ ᠪᠤᠶᠤ ᠡᠷᠦᠬᠡ ᠪᠣᠯᠵᠤ ᠪᠣᠯᠬᠤ ᠦᠭᠡᠢ᠃ ᠡᠭᠦᠨ ᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠥᠷᠢ ᠳᠤ ᠬᠦᠷᠴᠦ ᠭᠦᠢᠴᠡᠳᠬᠡᠵᠦ ᠪᠣᠯᠣᠨ᠎ᠠ᠃     ᠬᠡᠷᠡᠭᠰᠡᠬᠦ ᠮᠠᠲ᠋ᠧᠷᠢᠶᠠᠯ᠄ ᠠᠷᠠᠳ ᠢᠷᠭᠡᠨ ᠡᠷᠦᠬᠡ ᠰᠠᠯᠭᠠᠬᠤ᠂ ᠨᠡᠶᠢᠯᠡᠭᠦᠯᠬᠦ ᠶᠢ ᠱᠠᠭᠠᠷᠳᠠᠬᠤ ᠳᠤ᠂ ᠲᠤᠰ ᠬᠥᠮᠥᠨ ᠨᠢ ᠪᠢᠴᠢᠭᠯᠡᠭᠰᠡᠨ ᠭᠤᠶᠤᠴᠢᠯᠠᠯ ᠭᠠᠷᠭᠠᠵᠦ᠂ ᠡᠷᠦᠬᠡ ᠠᠮᠠ ᠶᠢᠨ ᠠᠷᠠᠳ ᠤᠨ ᠴᠠᠭᠳᠠᠭ᠎ᠠ ᠪᠠᠶᠢᠴᠠᠭᠠᠭᠠᠳ ᠦᠨᠡᠨ ᠪᠠᠶᠢᠪᠠᠯ᠂ ᠡᠷᠦᠬᠡ ᠰᠠᠯᠭᠠᠬᠤ᠂ ᠨᠡᠶᠢᠯᠡᠭᠦᠯᠬᠦ ᠭᠠᠷᠳᠠᠮ ᠭᠦᠢᠴᠡᠳᠭᠡᠵᠦ ᠦᠭᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1