ᠤᠷᠤᠭ ᠰᠠᠯᠬᠤ ᠶᠢ ᠳᠠᠩᠰᠠᠯᠠᠬᠤ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2017/11/23
     ᠨᠢᠭᠡ᠂ ᠤᠷᠤᠭ ᠰᠠᠯᠬᠤ ᠶᠢ ᠳᠠᠩᠰᠠᠯᠠᠬᠤ ᠨᠥᠬᠦᠴᠡᠯ ᠳᠤ ᠬᠠᠩᠭᠠᠬᠤ ᠶᠢ ᠱᠠᠭᠠᠷᠳᠠᠭᠰᠠᠨ ᠭᠡᠷᠡᠴᠢ ᠪᠢᠴᠢᠭ ᠪᠠ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠰᠢᠯᠭᠠᠨ᠎ᠠ︔     ᠬᠤᠶᠠᠷ᠂ ᠲᠤᠬᠠᠶᠢᠲᠠᠢ ᠬᠥᠮᠦᠨ ᠳᠤ ᠤᠷᠤᠭ ᠤᠨ ᠬᠠᠦᠯᠢ ᠶᠢᠨ ᠤᠷᠤᠭ ᠰᠠᠯᠬᠤ ᠶᠢ ᠳᠠᠩᠰᠠᠯᠠᠬᠤ ᠲᠤᠬᠠᠢ ᠨᠥᠬᠦᠴᠡᠯ ᠢ ᠲᠣᠳᠣᠷᠬᠠᠢ ᠶᠠᠷᠢᠵᠦ ᠥᠭᠭᠦᠨ᠎ᠡ︔     ᠭᠤᠷᠪᠠ᠂ ᠲᠤᠬᠠᠶᠢᠲᠠᠢ ᠬᠥᠮᠦᠨ ᠠᠴᠠ ᠤᠷᠤᠭ ᠰᠠᠯᠬᠤ ᠬᠦᠰᠡᠯ ᠰᠠᠨᠠᠭ᠎ᠠ ᠵᠢᠴᠢ ᠤᠷᠤᠭ ᠰᠠᠯᠬᠤ ᠵᠦᠪᠯᠡᠯᠴᠡᠭᠡᠷ ᠤᠨ ᠠᠭᠤᠯᠭ᠎ᠠ ᠶᠢᠨ ᠲᠤᠬᠠᠢ ᠬᠦᠰᠡᠯ ᠰᠠᠨᠠᠭ᠎ᠠ ᠶᠢ ᠯᠠᠪᠯᠠᠨ ᠠᠰᠠᠭᠤᠨ᠎ᠠ︔    ᠳᠥᠷᠪᠡ᠂ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠤᠷᠤᠭ ᠰᠠᠯᠬᠤ ᠮᠦᠷᠲᠡᠭᠡᠨ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ ᠡᠳ᠋ ᠬᠤᠭᠰᠢᠯ ᠪᠣᠯᠣᠨ ᠦᠷᠢ ᠰᠢᠷᠢ ᠶᠢᠨ ᠠᠰᠠᠭᠤᠳᠠᠯ ᠢ ᠰᠢᠢᠳᠪᠥᠷᠢᠯᠡᠬᠦ ᠵᠡᠷᠭᠡ ᠵᠦᠢᠯ ᠢ ᠵᠦᠪᠳᠡᠯᠴᠡᠭᠡᠳ ᠰᠠᠨᠠᠯ ᠨᠢᠭᠡᠳᠥᠭᠰᠡᠨ ᠪᠣᠯ ᠬᠤᠶᠠᠷ ᠲᠠᠯ᠎ᠠ ᠪᠠᠷ ᠢᠶᠠᠨ ︽ᠤᠷᠤᠭ ᠰᠠᠯᠬᠤ ᠶᠢ ᠭᠤᠶᠤᠴᠢᠯᠠᠨ ᠳᠠᠩᠰᠠᠯᠠᠭᠤᠯᠬᠤ ᠢᠯᠡᠷᠬᠡᠶᠢᠯᠡᠯᠲᠡ︾᠎ ᠶᠢ ᠲᠠᠭᠯᠠᠨ ᠪᠢᠴᠢᠨ᠎ᠡ︔ ︽ᠤᠷᠤᠭ ᠰᠠᠯᠬᠤ ᠶᠢ ᠭᠤᠶᠣᠴᠢᠯᠠᠨ ᠳᠠᠩᠰᠠᠯᠠᠭᠤᠯᠬᠤ ᠢᠯᠡᠷᠬᠡᠶᠢᠯᠡᠯᠲᠡ︾᠎ ᠳᠠᠬᠢ ︽ᠢᠯᠡᠷᠬᠡᠶᠢᠯᠡᠭᠴᠢ︾ ᠭᠡᠰᠡᠨ ᠬᠥᠰᠥᠨᠥᠭ ᠲᠤ ᠭᠠᠷ ᠤᠨ ᠦᠰᠦᠭ ᠵᠢᠷᠤᠬᠤ ᠳᠤ᠂ ᠢᠯᠡᠷᠬᠡᠶᠢᠯᠡᠭᠴᠢ ᠨᠢ ᠠᠨᠳᠠᠭᠠᠢ ᠬᠢᠨᠠᠬᠴᠢ ᠶᠢᠨ ᠳᠡᠷᠭᠡᠳᠡ ᠪᠡᠶᠡᠯᠡᠭᠦᠯᠬᠦ ᠬᠡᠷᠡᠭᠲᠡᠢ᠃       ᠲᠠᠪᠤ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠤᠷᠤᠭ ᠰᠠᠯᠬᠤ ᠵᠦᠪᠯᠡᠯᠴᠡᠭᠡᠷ ᠳᠡᠭᠡᠷ᠎ᠡ ᠪᠡᠶ᠎ᠡ ᠪᠠᠷ ᠢᠶᠠᠨ ᠭᠠᠷ ᠤᠨ ᠦᠰᠦᠭ ᠵᠢᠷᠣᠨ᠎ᠠ︔ ᠤᠷᠤᠭ ᠳᠠᠩᠰᠠᠯᠠᠭᠴᠢ ᠨᠢ ᠠᠨᠳᠠᠭᠠᠢ ᠬᠢᠨᠠᠬᠴᠢ ᠪᠣᠯᠣᠨ᠎ᠠ᠃     ᠵᠢᠷᠭᠤᠭ᠎ᠠ᠂ ᠤᠷᠤᠭ ᠳᠠᠩᠰᠠᠯᠠᠭᠴᠢ ᠨᠢ ᠲᠤᠬᠠᠶᠢᠲᠠᠢ ᠬᠥᠮᠦᠨ ᠤ ᠲᠣᠰᠢᠶᠠᠭᠰᠠᠨ ᠭᠡᠷᠡᠴᠢ ᠪᠢᠴᠢᠭ᠂ ᠤᠷᠤᠭ ᠰᠠᠯᠬᠤ ᠶᠢ ᠭᠤᠶᠤᠴᠢᠯᠠᠨ ᠳᠠᠩᠰᠠᠯᠠᠭᠤᠯᠬᠤ ᠢᠯᠡᠷᠬᠡᠶᠢᠯᠡᠯᠲᠡ᠂ ᠤᠷᠤᠭ ᠰᠠᠯᠬᠤ ᠵᠦᠪᠯᠡᠯᠴᠡᠭᠡᠷ ᠤᠨ ᠪᠢᠴᠢᠭ ᠢ ᠬᠢᠨᠠᠨ ᠪᠠᠶᠢᠴᠠᠭᠠᠵᠤ᠂ ᠤᠷᠤᠭ ᠰᠠᠯᠬᠤ ᠨᠥᠬᠦᠴᠡᠯ ᠳᠤ ᠨᠡᠶᠢᠴᠡᠵᠦ ᠪᠠᠶᠢᠪᠠᠯ᠂ ︽ᠤᠷᠤᠭ ᠰᠠᠯᠬᠤ ᠳᠠᠩᠰᠠᠯᠠᠯ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠬᠥᠰᠥᠨᠥᠭᠲᠦ︾ ᠪᠠ ᠤᠷᠤᠭ ᠰᠠᠯᠤᠭᠰᠠᠨ ᠦᠨᠡᠮᠯᠡᠯ ᠢ ᠲᠠᠭᠯᠠᠨ ᠪᠢᠴᠢᠨ᠎ᠡ᠃      ᠳᠤᠯᠤᠭ᠎ᠠ᠂ ᠤᠷᠤᠭ ᠰᠠᠯᠤᠭᠰᠠᠨ ᠦᠨᠡᠮᠯᠡᠯ ᠣᠯᠭᠤᠬᠤ ᠳᠤ᠂ ᠲᠤᠬᠠᠶᠢᠲᠠᠢ ᠬᠥᠮᠦᠨ ᠤ ᠬᠤᠶᠠᠷ ᠲᠠᠯ᠎ᠠ ᠪᠠᠷ ᠢᠶᠠᠨ ᠴᠦᠮ ᠪᠠᠶᠢᠬᠤ ᠦᠶ᠎ᠡ ᠳᠤ ᠳᠣᠣᠷ᠎ᠠ ᠵᠢᠭᠰᠠᠭᠠᠭᠰᠠᠨ ᠠᠯᠬᠤᠮ ᠳᠠᠷᠠᠭ᠎ᠠ ᠶᠣᠰᠤᠭᠠᠷ ᠶᠠᠪᠤᠭᠳᠠᠭᠤᠯᠬᠤ ᠬᠡᠷᠡᠭᠲᠡᠢ᠃       ︵ᠨᠢᠭᠡ︶ ᠲᠤᠬᠠᠶᠢᠲᠠᠢ ᠬᠥᠮᠦᠨ ᠤ ᠬᠤᠶᠠᠷ ᠲᠠᠯ᠎ᠠ ᠶᠢᠨ ᠣᠪᠣᠭ ᠨᠡᠷ᠎ᠡ᠂ ᠲᠥᠷᠥᠭᠰᠡᠨ ᠡᠳᠦᠷ ᠬᠤᠭᠤᠴᠠᠭ᠎ᠠ ᠂ ᠤᠷᠤᠭ ᠰᠠᠯᠬᠤ ᠬᠦᠰᠡᠯ ᠰᠠᠨᠠᠭ᠎ᠠ ᠶᠢ ᠬᠢᠨᠠᠨ ᠬᠠᠷᠭᠤᠭᠤᠯᠤᠨ᠎ᠠ︔      ︵ᠬᠤᠶᠠᠷ︶ ᠲᠤᠬᠠᠶᠢᠲᠠᠢ ᠬᠥᠮᠦᠨ ᠬᠤᠶᠠᠷ ᠲᠠᠯ᠎ᠠ ᠶᠢᠨ ᠤᠷᠤᠭ ᠰᠠᠯᠤᠭᠰᠠᠨ ᠤ ᠳᠠᠷᠠᠭᠠᠬᠢ ᠬᠠᠦᠯᠢ ᠴᠠᠭᠠᠵᠠ ᠶᠢᠨ ᠬᠠᠷᠢᠴᠠᠭ᠎ᠠ ᠵᠢᠴᠢ ᠤᠷᠤᠭ ᠰᠠᠯᠤᠭᠰᠠᠨ ᠤ ᠳᠠᠷᠠᠭᠠᠬᠢ ᠦᠷ᠎ᠡ ᠬᠡᠦᠬᠡᠳ ᠯᠦᠭᠡ ᠶᠢᠨ ᠬᠠᠷᠢᠴᠠᠭ᠎ᠠ᠂ ᠭᠦᠢᠴᠡᠳᠬᠡᠪᠡᠰᠦ ᠵᠣᠬᠢᠬᠤ ᠡᠭᠦᠷᠭᠡ ᠶᠢ ᠮᠡᠳᠡᠭᠳᠡᠨ᠎ᠡ︔     ︵ᠭᠤᠷᠪᠡ︶ ︽ᠤᠷᠤᠭ ᠰᠠᠯᠬᠤ ᠳᠠᠩᠰᠠᠯᠠᠯ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠬᠦᠰᠥᠨᠥᠭᠲᠦ︾᠎ ᠤᠨ ︽ᠲᠤᠬᠠᠶᠢᠲᠠᠢ ᠬᠥᠮᠦᠨ ᠦᠨᠡᠮᠯᠡᠯ ᠭᠠᠷᠳᠠᠵᠦ ᠭᠠᠷ ᠤᠨ ᠦᠰᠦᠭ ᠵᠢᠷᠤᠬᠤ ᠪᠣᠶᠤ ᠬᠤᠷᠣᠭᠤᠨ ᠤ ᠬᠡ ᠳᠠᠷᠤᠬᠤ︾ ᠬᠥᠰᠥᠨᠥᠭ ᠲᠤ ᠲᠤᠬᠠᠶᠢᠲᠠᠢ ᠬᠥᠮᠦᠨ ᠦᠪᠡᠷ ᠤᠨ ᠪᠡᠶ᠎ᠡ ᠪᠠᠷ ᠢᠶᠠᠨ ᠭᠠᠷ ᠤᠨ ᠦᠰᠦᠭ ᠵᠢᠷᠤᠵᠦ ᠭᠡᠷᠡᠴᠢᠯᠡᠨ᠎ᠡ︔ ᠲᠤᠬᠠᠶᠢᠲᠠᠢ ᠬᠥᠮᠦᠨ ᠣᠪᠣᠭ ᠨᠡᠷ᠎ᠡ ᠪᠠᠨ ᠪᠢᠴᠢᠵᠦ ᠴᠢᠳᠠᠬᠤ ᠦᠭᠡᠢ ᠪᠣᠯ ᠬᠤᠷᠤᠭᠤᠨ ᠤ ᠬᠡ ᠪᠠᠨ ᠳᠠᠷᠤᠬᠤ ᠬᠡᠷᠡᠭᠲᠡᠢ     ︵ᠳᠥᠷᠪᠡ︶ ᠲᠤᠬᠠᠶᠢᠲᠠᠢ ᠬᠥᠮᠦᠨ ᠤ ᠤᠷᠤᠭᠯᠠᠭᠰᠠᠨ ᠦᠨᠡᠮᠯᠡᠯ ᠳᠡᠭᠡᠷ᠎ᠡ ᠵᠢᠷᠣᠭᠠᠰᠤᠨ ᠲᠠᠮᠠᠭ᠎ᠠ ᠳᠠᠷᠤᠭᠠᠳ᠂ ︽ᠬᠤᠶᠠᠷ ᠲᠠᠯ᠎ᠠ ᠪᠠᠷ ᠢᠶᠠᠨ ᠤᠷᠤᠭ ᠰᠠᠯᠵᠦ᠂ ᠦᠨᠡᠮᠯ᠎ᠡ ᠬᠦᠴᠦᠨ ᠦᠭᠡᠢ ᠪᠣᠯᠪᠠ᠃ × × ᠤᠷᠤᠭ ᠳᠠᠩᠰᠠᠯᠠᠬᠤ ᠭᠠᠵᠠᠷ︾ ᠭᠡᠵᠦ ᠲᠣᠳᠣᠷᠬᠠᠶᠢᠯᠠᠨ᠎ᠠ᠃ ᠬᠦᠴᠦᠨ ᠦᠭᠡᠢ ᠪᠣᠯᠣᠭᠰᠠᠨ ᠤᠷᠤᠭᠯᠠᠭᠰᠠᠨ ᠦᠨᠡᠮᠯᠡᠯ ᠢ ᠲᠤᠬᠠᠶᠢᠲᠠᠶᠢᠨ ᠬᠥᠮᠦᠨ ᠳᠤᠨᠢ ᠪᠤᠴᠠᠭᠠᠵᠤ ᠥᠭᠭᠦᠨ᠎ᠡ᠃      ︵ᠲᠠᠪᠤ︶ ᠤᠷᠤᠭ ᠰᠠᠯᠤᠭᠰᠠᠨ ᠦᠨᠡᠮᠯᠡᠯ ᠢ ᠤᠷᠤᠭ ᠰᠠᠯᠤᠭᠰᠠᠨ ᠲᠤᠬᠠᠶᠢᠲᠠᠢ ᠬᠥᠮᠦᠨ ᠬᠤᠶᠠᠷ ᠲᠠᠯ᠎ᠠ ᠳᠤ ᠲᠣᠰ ᠲᠣᠰ ᠣᠯᠭᠤᠵᠦ᠂ ᠬᠤᠶᠠᠷ ᠲᠠᠯ᠎ᠠ ᠳᠤ ᠨᠡᠶᠢᠲᠡᠯᠡᠨ᠎ᠡ︔ ᠤᠷᠤᠭ ᠰᠠᠯᠤᠭᠰᠠᠨ ᠦᠨᠡᠮᠯᠡᠯ ᠣᠯᠣᠭᠰᠠᠨ ᠪᠣᠯ ᠡᠷ᠎ᠡ ᠡᠮ᠎ᠡ ᠶᠢᠨ ᠬᠠᠷᠢᠴᠠᠭ᠎ᠠ ᠪᠠᠨ ᠬᠦᠴᠦᠨ ᠦᠭᠡᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1