ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠬᠤ ᠶᠢ ᠬᠢᠨᠠᠨ ᠵᠦᠪᠰᠢᠶᠡᠷᠡᠬᠦ ᠴᠤᠪᠤᠷᠠᠯ ᠢ ᠢᠯᠡ ᠪᠤᠯᠭᠠᠬᠤ
ᠨᠡᠶᠢᠲᠡᠯᠡᠭᠰᠡᠨ ᠴᠠᠭ᠄
2017/11/23
       ᠵᠦᠢᠯᠡᠰ ᠤᠨ ᠳ᠋ᠤᠭᠠᠷᠯᠠᠯ᠄      ᠦᠢᠯᠡᠴᠢᠯᠡᠭᠦᠯᠦᠭᠴᠢ᠄ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠳᠤ ᠳᠠᠭᠠᠳᠬᠠᠯ ᠳᠤ ᠤᠷᠤᠯᠴᠠᠭᠰᠠᠨ ᠠᠵᠤ ᠠᠬᠤᠶᠢᠯᠠᠯ      ᠬᠦᠯᠢᠶᠡᠨ ᠠᠪᠴᠤ ᠬᠦᠢᠴᠡᠳᠭᠡᠬᠦ ᠰᠠᠯᠠᠭ᠎ᠠ ᠮᠦᠴᠢᠷ᠄ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠵᠠᠷ      ᠬᠠᠶ᠋ᠢᠭ᠄      ᠬᠠᠷᠢᠯᠴᠠᠬᠤ ᠬᠦᠮᠦᠨ᠄      ᠬᠠᠤᠯᠢ ᠪᠠᠷ ᠲᠤᠭᠲᠠᠭᠠᠭᠰᠠᠨ ᠬᠦᠢᠴᠡᠳᠭᠡᠬᠦ ᠴᠠᠭ ᠤᠨ ᠬᠢᠵᠠᠭᠠᠷ᠄ ᠬᠦᠷᠥᠭᠰᠡᠨ ᠳᠠᠷᠤᠢ ᠳᠤᠨᠢ ᠬᠦᠢᠴᠡᠳᠭᠡᠵᠦ ᠦᠭᠭᠦᠨ᠎ᠡ      ᠰᠦᠢᠳᠭᠡᠯ ᠬᠤᠷᠢᠶᠠᠬᠤ ᠪᠠᠶᠢᠳᠠᠯ᠄ ᠰᠦᠢᠳᠭᠡᠯ ᠬᠤᠷᠢᠶᠠᠬᠤ ᠦᠭᠡᠢ      ᠬᠢᠨᠠᠯᠲᠠ ᠲᠠᠯᠪᠢᠵᠤ ᠵᠠᠭᠠᠯᠳᠤᠬᠤ ᠳ᠋ᠢᠶᠠᠩᠬᠤᠸᠠ᠄ 0471 — 6944603      ᠪᠠᠶᠢᠭᠤᠯᠤᠭᠰᠠᠨ ᠦᠨᠳᠦᠰᠦᠯᠡᠯ᠄ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠥᠰᠥᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ︾ ᠬᠢᠭᠡᠳ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠥᠰᠥᠨ ᠨᠠᠰᠤᠵᠢᠯ ᠤᠨ ᠳᠠᠭᠠᠳᠬᠠᠯ ᠤᠨ ᠨᠢᠭᠡᠲᠥᠯᠲᠡᠢ ᠳᠦᠷᠢᠮ ᠢ ᠬᠡᠷᠡᠭᠵᠢᠬᠦᠯᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇1998﹈ 36 ᠳ᠋ᠤᠭᠠᠷ ᠲᠤᠭᠠᠲᠤ︶᠃ ᠬᠦᠯᠢᠶᠡᠨ ᠠᠪᠴᠤ ᠬᠦᠢᠴᠡᠳᠭᠡᠬᠦ ᠨᠦᠬᠦᠴᠡᠯ᠄ ᠠᠵᠢᠯᠲᠠᠨ ᠠᠵᠢᠯᠴᠢᠨ ᠠᠵᠢᠯ ᠠᠴᠠ ᠪᠠᠭᠤᠵᠤ ᠨᠠᠰᠤᠨ ᠳᠤ ᠬᠦᠷᠦᠭᠰᠡᠨ ᠮᠦᠷᠲᠡᠭᠡᠨ ᠪᠦᠬᠦᠯᠢ 15 ᠵᠢᠯ ᠤᠨ ᠰᠦᠢᠳᠭᠡᠯ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠄ ᠠᠵᠢᠯ ᠠᠴᠠ ᠪᠠᠭᠤᠬᠤ ᠪᠠᠷ ᠪᠠᠶᠢᠭ᠎ᠠ ᠬᠦᠮᠥᠰ ᠤᠨ ᠳᠠᠩᠰᠠ ᠡᠪᠬᠡᠮᠡᠯ︔ ᠡᠪᠡᠳᠴᠢᠨ ᠢᠶᠠᠷ ᠠᠵᠢᠯ ᠠᠴᠠ ᠪᠠᠭᠤᠬᠤ ᠪᠠᠷ ᠭᠤᠶᠤᠴᠢᠯᠠᠭᠰᠠᠨ ᠪᠠ ᠡᠪᠡᠳᠴᠢᠲᠠᠢ ᠵᠡᠮᠳᠡᠭ ᠤᠨ ᠣᠯᠭᠤᠮᠵᠢ ᠠᠪᠬᠤ ᠬᠤᠪᠢ ᠬᠦᠮᠦᠨ ᠤ ᠭᠤᠶᠤᠴᠢᠯᠠᠯ᠂ ᠬᠦᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠭᠰᠠᠨ ᠬᠦᠰᠦᠨᠦᠭᠲᠦ︔ ᠤᠨᠴᠠᠭᠠᠢ ᠠᠵᠢᠯ ᠤᠨ ᠲᠦᠷᠦᠯ ᠤᠨ ᠶᠣᠰᠤᠭᠠᠷ ᠠᠵᠢᠯ ᠠᠴᠠ ᠪᠠᠭᠤᠬᠤ ᠬᠤᠪᠢ ᠬᠦᠮᠦᠨ ᠤ ᠭᠤᠶᠤᠴᠢᠯᠠᠯ︔ ︽ᠠᠵᠢᠯ ᠠᠴᠠ ᠪᠠᠭᠤᠵᠤ ᠠᠵᠢᠯ ᠠᠴᠠ ᠪᠠᠭᠤᠬᠤ ᠬᠦᠮᠥᠰ ᠤᠨ ᠨᠡᠷ᠎ᠡ ᠶᠢᠨ ᠪᠦᠷᠢᠳᠭᠡᠯ︾ ᠨᠢᠭᠡ ᠶᠠᠩᠵᠦ ᠶᠢᠨ ᠭᠤᠷᠪᠠᠨ ᠬᠤᠪᠢ︔ ︽ᠠᠵᠢᠯ ᠠᠴᠠ ᠪᠠᠭᠤᠬᠤ ᠬᠦᠮᠥᠰ ᠢ ᠬᠢᠨᠠᠨ ᠵᠦᠪᠰᠢᠶᠡᠷᠡᠬᠦ ᠬᠦᠰᠦᠨᠦᠭᠲᠦ︾ ᠨᠢᠭᠡ ᠶᠠᠩᠵᠦ ᠶᠢᠨ ᠬᠤᠶᠠᠷ ᠬᠤᠪᠢ᠃      ᠬᠦᠢᠴᠡᠳᠭᠡᠬᠦ ᠴᠤᠪᠤᠷᠠᠯ᠄ 1. ᠠᠵᠤ ᠠᠬᠤᠶᠢᠯᠠᠯ ᠮᠡᠳᠡᠭᠦᠯᠦᠨ᠎ᠡ︔ 2. ᠭᠠᠷᠳᠠᠨ ᠬᠢᠬᠦ ᠪᠠᠶᠢᠭᠤᠯᠤᠮᠵᠢ ᠬᠢᠨᠠᠨ᠎ᠠ︔ 3. ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠢᠨᠠᠨ ᠵᠦᠪᠰᠢᠶᠡᠷᠡᠨ᠎ᠡ︔ 4. ᠠᠵᠤ ᠠᠬᠤᠶᠢᠯᠠᠯ ᠨᠡᠶᠢᠲᠡ ᠳᠤ ᠵᠠᠷᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1