ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ
ᠨᠡᠶᠢᠲᠡᠯᠡᠭᠰᠡᠨ ᠴᠠᠭ᠄
2017/11/23
       ᠥᠪᠥᠷ ᠮᠥᠩᠭᠦᠨ ᠭᠦᠢᠯᠭᠡᠭᠡ ᠠᠯᠪᠠᠨ ᠲᠠᠷᠬᠠᠭᠠᠭᠰᠠᠨ ︹2012︺ 65 ᠳ᠋ᠤᠭᠠᠷ ᠲᠣᠭᠠᠲᠤ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ ᠡᠯ᠎ᠡ ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠮᠠᠨᠵᠤᠤᠷ᠂ ᠡᠷᠢᠶᠡᠨ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠲᠤ᠄ ᠮᠠᠨ ᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠮᠠᠨ ᠤ ᠠᠯᠪᠠᠨ ᠭᠡᠷ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠲᠣᠭᠲᠠᠭᠠᠪᠠ᠃ ᠡᠳᠥᠭᠡ ᠲᠠᠨᠠᠷ ᠲᠤ ᠳᠠᠷᠤᠮᠠᠯᠯᠠᠨ ᠶᠠᠪᠥᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠥᠭᠡᠢ᠃      ᠳᠠᠭᠠᠯᠳᠤᠭᠤᠯᠤᠯ᠄ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾                                        2012 ᠣᠨ ᠤ 6 ᠳ᠋ᠤᠭᠠᠷ ᠰᠠᠷ᠎ᠠ ᠶᠢᠨ 1᠎ ᠤ ᠡᠳᠦᠷ      ᠳᠠᠭᠠᠯᠳᠤᠭᠤᠯᠤᠯ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ       ᠨᠢᠭᠡᠳᠦᠭᠡᠷ ᠪᠥᠯᠥᠭ    ᠶᠡᠷᠦᠩᠬᠡᠢ ᠳᠦᠷᠢᠮ      ᠨᠢᠭᠡᠳᠦᠭᠡᠷ ᠵᠦᠢᠯ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠬᠤ ᠬᠢᠷᠢ ᠬᠡᠮ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠪᠥᠬᠦ ᠲᠠᠯ᠎ᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠠᠵᠢᠯ ᠲᠥᠷᠥᠯ ᠤᠨ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠲᠤᠷᠰᠢᠯᠲᠠ ᠶᠢᠨ ᠴᠢᠭ᠋ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹2012 ︺ 43 ᠳ᠋ᠤᠭᠠᠷ ᠲᠣᠭᠠᠲᠤ︶᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠲᠤᠷᠰᠢᠯᠲᠠ ᠶᠢᠨ ᠴᠢᠭ᠋ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠵᠠᠰᠠᠪᠤᠷᠢ ᠣᠷᠤᠭᠤᠯᠤᠭᠰᠠᠨ︶︾ ︵ᠥᠪᠥᠷ ᠮᠥᠩᠭᠦᠨ ᠭᠦᠢᠯᠭᠡᠭᠡ ᠠᠯᠪᠠᠨ ᠲᠠᠷᠬᠠᠭᠠᠭᠰᠠᠨ ︹2012︺ 65 ᠳ᠋ᠤᠭᠠᠷ ᠲᠣᠭᠠᠲᠤ︶ ᠵᠡᠷᠭᠡ ᠬᠤᠯᠪᠤᠭᠳᠠᠯ ᠪᠥᠬᠦᠢ ᠲᠤᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠤᠰ ᠠᠷᠭ᠎ᠠ ᠳᠤ ᠨᠡᠷᠡᠯᠡᠵᠦ ᠪᠠᠶᠢᠭ᠎ᠠ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠭᠡᠳᠡᠭ ᠨᠢ᠄ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠳᠤ ᠠᠵᠢᠯᠯᠠᠵᠤ ᠪᠠᠶᠢᠭ᠎ᠠ ᠲᠤᠬᠠᠶᠢᠯᠠᠭᠰᠠᠨ ᠠᠵᠢᠯ ᠤᠨ ᠠᠵᠢᠯᠲᠠᠨ᠂ ᠡᠳ᠋ ᠤᠨ ᠶᠠᠪᠤᠳᠠᠯ ᠤᠨ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠣᠯᠣᠨ ᠬᠠᠮᠢᠶᠠᠷᠤᠯᠲᠠ ᠶᠢᠨ ᠠᠵᠢᠯᠲᠠᠨ ᠵᠡᠷᠭᠡ ᠶᠢ ᠵᠢᠭᠠᠵᠤ ᠪᠣᠢ᠃      ᠭᠤᠷᠪᠠᠳᠤᠭᠠᠷ ᠵᠦᠢᠯ  ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠲᠣᠰ ᠠᠷᠭ᠎ᠠ ᠶᠢᠨ ᠲᠣᠭᠲᠠᠭᠠᠯ ᠶᠣᠰᠤᠭᠠᠷ᠂ ᠠᠵᠢᠯᠯᠠᠬᠤ ᠬᠢᠷᠢ ᠬᠡᠮ ᠤᠨ ᠦᠨᠡᠮᠯᠡᠯ ᠣᠯᠣᠭᠰᠠᠨ ᠪᠣᠯ ᠰᠠᠶ᠋ᠢ ᠬᠠᠮᠢᠶ᠎ᠠ ᠪᠥᠬᠦᠢ ᠲᠤᠬᠠᠶᠢᠯᠠᠭᠰᠠᠨ ᠠᠵᠢᠯ ᠢ ᠡᠷᠬᠢᠯᠡᠨ ᠬᠢᠵᠦ ᠪᠣᠯᠣᠨ᠎ᠠ᠃      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠠᠯᠪᠠᠨ ᠭᠡᠷ ᠨᠢ ᠥᠪᠥᠷ ᠮᠤᠩᠭᠤᠯ ᠤᠨ ᠪᠠᠭ᠎ᠠ ᠲᠤᠭᠠᠨ ᠤ ᠢᠲᠡᠬᠡᠮᠵᠢ ᠶᠢᠨ ᠵᠢᠭᠡᠯᠡᠯᠭᠡ ᠶᠢᠨ ᠨᠡᠶᠢᠭᠡᠮᠯᠢᠭ ᠲᠤ ᠨᠠᠶᠢᠳᠠᠵᠦ ᠬᠠᠷᠢᠶᠠᠨ ᠳᠠᠬᠢ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠡᠷᠬᠢᠯᠡᠭᠰᠡᠨ ᠠᠵᠢᠯ ᠤᠨ ᠬᠢᠷᠢ ᠬᠡᠮ ᠤᠨ ᠪᠣᠯᠪᠠᠰᠤᠷᠠᠭᠤᠯᠤᠯ ᠬᠢᠬᠦ᠂ ᠰᠢᠯᠭᠠᠬᠤ᠂ ᠦᠨᠡᠮᠰᠢᠬᠦ᠂ ᠬᠠᠮᠢᠶᠠᠷᠬᠤ ᠪᠠ ᠬᠦᠴᠦᠨ ᠦᠭᠡᠢ ᠪᠣᠯᠭᠠᠬᠤ᠂ ᠬᠤᠷᠢᠶᠠᠵᠦ ᠠᠪᠤᠭᠠᠳ ᠬᠦᠴᠦᠨ ᠦᠭᠡᠢ ᠪᠣᠯᠭᠠᠬᠤ ᠠᠵᠢᠯ ᠢ ᠬᠠᠷᠢᠭᠤᠴᠠᠭᠤᠯᠤᠨ᠎ᠠ᠃     ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠥᠪᠥᠷ ᠮᠤᠩᠭᠤᠯ ᠤᠨ ᠪᠠᠭ᠎ᠠ ᠲᠤᠭᠠᠨ ᠤ ᠢᠲᠡᠬᠡᠮᠵᠢ ᠶᠢᠨ ᠵᠢᠭᠡᠯᠡᠯᠭᠡ ᠶᠢᠨ ᠨᠡᠶᠢᠭᠡᠮᠯᠢᠭ ᠤᠨ ᠬᠠᠷᠢᠭᠤᠴᠠᠨ ᠵᠣᠬᠢᠶᠠᠨ ᠪᠠᠶᠢᠭᠤᠯᠵᠤ ᠶᠠᠪᠤᠭᠳᠠᠭᠤᠯᠤᠭᠰᠠᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠬᠤ ᠪᠠ ᠵᠢᠯᠤᠭᠤᠳᠤᠨ᠎ᠠ᠃       ᠬᠤᠶᠠᠳᠤᠭᠠᠷ ᠪᠥᠯᠥᠭ   ᠠᠵᠢᠯᠯᠠᠬᠤ ᠬᠢᠷᠢ ᠬᠡᠮ ᠣᠯᠬᠤ      ᠵᠢᠷᠭᠤᠳᠤᠭᠠᠷ ᠵᠦᠢᠯ   ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠬᠤ ᠬᠢᠷᠢ ᠬᠡᠮ ᠤᠨ ᠲᠠᠯ᠎ᠠ ᠪᠠᠷ ᠪᠥᠬᠦ ᠣᠷᠣᠨ ᠳᠤ ᠨᠢᠬᠡᠲᠦᠯᠲᠡᠢ ᠰᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠥᠪᠥᠷ ᠮᠤᠩᠭᠤᠯ ᠤᠨ ᠪᠠᠭ᠎ᠠ ᠲᠤᠭᠠᠨ ᠤ ᠢᠲᠡᠬᠡᠮᠵᠢ ᠶᠢᠨ ᠵᠢᠭᠡᠯᠡᠯᠭᠡ ᠶᠢᠨ ᠨᠡᠶᠢᠭᠡᠮᠯᠢᠭ ᠠᠴᠠ ᠨᠢᠬᠡᠲᠦᠯᠲᠡᠢ ᠵᠣᠬᠢᠶᠠᠨ ᠪᠠᠶᠢᠭᠤᠯᠵᠦ᠂ ᠨᠢᠬᠡᠲᠦᠯᠲᠡᠢ ᠴᠠᠭ ᠬᠤᠭᠤᠴᠠᠭ᠎ᠠ ᠲᠣᠭᠲᠠᠭᠠᠨ᠂ ᠨᠢᠬᠡᠲᠦᠯᠲᠡᠢ ᠲᠣᠪᠴᠢ ᠭᠠᠷᠭᠠᠵᠦ᠂ ᠨᠢᠬᠡᠲᠦᠯᠲᠡᠢ ᠰᠢᠯᠭᠠᠬᠤ ᠰᠡᠳᠦᠪ ᠭᠠᠷᠭᠠᠨ᠂ ᠨᠢᠬᠡᠲᠦᠯᠲᠡᠢ ᠪᠠᠷᠢᠮᠵᠢᠶ᠎ᠡ ᠲᠣᠭᠲᠠᠭᠠᠨ᠂ ᠨᠢᠬᠡᠲᠦᠯᠲᠡᠢ ᠦᠨᠡᠮᠯᠡᠯ ᠣᠯᠭᠤᠨ᠎ᠠ᠃     ᠳᠣᠯᠣᠳᠤᠭᠠᠷ ᠵᠦᠢᠯ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠠᠵᠢᠯᠯᠠᠬᠤ ᠬᠢᠷᠢ ᠬᠡᠮ ᠤᠨ ᠰᠢᠯᠭᠠᠯᠳᠠ ᠳᠤ ᠨᠡᠷ᠎ᠡ ᠮᠡᠳᠡᠬᠦᠯᠦᠨ ᠤᠷᠤᠯᠴᠠᠭᠰᠠᠨ ᠬᠦᠮᠦᠰ᠂ ᠡᠷᠬᠡᠪᠰᠢ ᠲᠤᠤᠷ᠎ᠠ ᠵᠢᠭᠰᠠᠭᠠᠭᠰᠠᠨ ᠨᠦᠬᠦᠴᠡᠯ ᠢ ᠪᠦᠷᠢᠳᠦᠬᠦᠯᠦᠭᠰᠡᠨ ᠪᠠᠶᠢᠬᠤ ᠬᠡᠷᠡᠭᠳᠡᠢ᠄      ︵ᠨᠢᠭᠡ︶ ᠪᠥᠬᠦᠯᠢ 18 ᠨᠠᠰᠦ ᠬᠦᠷᠥᠭᠰᠡᠨ ᠪᠠᠶᠢᠬᠤ︔      ︵ᠬᠤᠶᠠᠷ︶ ᠢᠷᠭᠡᠨ ᠤ ᠬᠡᠷᠡᠭ ᠤᠨ ᠪᠦᠷᠢᠨ ᠦᠢᠯᠡ ᠠᠵᠢᠯᠯᠠᠭ᠎ᠠ ᠶᠢᠨ ᠴᠢᠳᠠᠪᠦᠷᠢ ᠲᠠᠢ︔      ︵ᠭᠤᠷᠪᠠ︶ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠶᠤᠯ ᠤᠨ ᠬᠢᠷᠢ ᠬᠡᠮᠵᠢᠶ᠎ᠡ ︵ᠪᠤᠶᠤ ᠠᠳᠠᠯᠢ ᠰᠤᠷᠤᠯᠴᠠᠭᠰᠠᠨ ᠨᠠᠮᠲᠠᠷ︶᠎ ᠲᠠᠢ︔    ︵ᠳᠥᠷᠪᠡ︶ ᠬᠠᠦᠯᠢ ᠴᠠᠭᠠᠵᠠ᠂ ᠬᠠᠦᠯᠢ ᠲᠣᠭᠲᠠᠭᠠᠯ ᠪᠣᠯᠣᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠤᠯᠪᠤᠭᠳᠠᠯ ᠪᠥᠬᠦᠢ ᠲᠣᠭᠲᠠᠭᠠᠯ ᠢ ᠤᠬᠠᠮᠰᠠᠷ ᠠᠴᠠ ᠪᠠᠨ ᠪᠠᠷᠢᠮᠲᠠᠯᠠᠬᠤ︔      ︵ᠲᠠᠪᠤ︶ ᠦᠨᠡᠨᠴᠢ ᠢᠲᠡᠬᠡᠮᠵᠢᠲᠠᠢ᠂ ᠰᠠᠶᠢᠨ ᠰᠠᠶᠢᠬᠠᠨ ᠵᠠᠩ ᠰᠤᠷᠲᠠᠯ ᠲᠠᠢ ᠪᠠᠶᠢᠬᠤ︔      ᠨᠠᠶᠢᠮᠠᠳᠤᠭᠠᠷ ᠵᠦᠢᠯ  ᠠᠵᠢᠯᠯᠠᠭᠴᠢᠳ ᠤᠨ ᠬᠢᠷᠢ ᠬᠡᠮ ᠤᠨ ᠦᠨᠡᠮᠯᠡᠯ ᠣᠯᠬᠤ ᠲᠡᠰ ᠳᠠᠷᠠᠭᠠᠯᠠᠯ᠄      ︵ᠨᠢᠭᠡ︶ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢᠨ ᠬᠠᠮᠲᠤ ᠪᠠᠲᠤᠯᠠᠭᠳᠠᠭᠰᠠᠨ ᠬᠢᠷᠢ ᠪᠦᠲᠥᠮᠵᠢ ᠣᠯᠬᠤ︔      ︵ᠬᠤᠶᠠᠷ︶ ᠦᠨᠡᠮᠯᠡᠯ ᠣᠯᠬᠤ ᠭᠤᠶᠤᠴᠢᠯᠠᠯ ᠢᠶᠠᠨ ᠳᠤᠷᠠᠳᠤᠨ᠎ᠠ︔      ︵ᠭᠤᠷᠪᠠ︶ ᠬᠢᠷᠢ ᠬᠡᠮ ᠬᠢᠨᠠᠯᠲᠠ ᠬᠢᠬᠦ ᠶᠢ ᠦᠩᠭᠡᠷᠡᠭᠡᠨ᠎ᠡ︔     ︵ᠳᠥᠷᠪᠡ︶ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠪᠣᠰᠤᠳ ᠨᠥᠬᠦᠴᠡᠯ᠃     ᠶᠢᠰᠦᠳᠦᠭᠡᠷ ᠵᠦᠢᠯ ᠥᠪᠥᠷ ᠮᠣᠩᠭᠤᠯ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠨᠢ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠪᠠᠶᠢᠭ᠎ᠠ ᠺᠣᠮᠫᠠᠨᠢ ᠶᠢᠨ ᠬᠢᠵᠦ ᠥᠭᠭᠦᠭᠰᠡᠨ ᠠᠵᠢᠯᠯᠠᠬᠤ ᠠᠵᠢᠯ ᠤᠨ ᠪᠠᠶᠢᠷᠢ ᠪᠣᠯᠣᠨ ᠡᠷᠬᠢᠯᠡᠭᠰᠡᠨ ᠠᠵᠢᠯ ᠤᠨ ᠵᠢᠷᠤᠮ ᠢ ᠰᠠᠬᠢᠬᠤ ᠬᠠᠮᠢᠶ᠎ᠡ ᠪᠥᠬᠦᠢ ᠭᠡᠷᠡᠴᠢ ᠶᠢ ᠦᠨᠳᠦᠰᠦᠯᠡᠨ ᠬᠢᠷᠢ ᠬᠡᠮ ᠢ ᠬᠢᠨᠠᠬᠤ ᠬᠡᠷᠡᠭᠲᠡᠢ᠃      ᠠᠷᠪᠠᠳᠤᠭᠠᠷ ᠵᠦᠢᠯ ᠪᠠᠭ᠎ᠠ ᠲᠤᠭᠠᠨ ᠤ ᠵᠢᠭᠡᠯᠡᠯᠭᠡ ᠶᠢᠨ ᠪᠣᠰᠤ ᠺᠣᠮᠫᠠᠨᠢ ᠶᠢᠨ ᠠᠵᠢᠯᠯᠠᠭᠴᠢᠳ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢᠨ ᠬᠠᠮᠲᠤ ᠪᠠᠲᠤᠯᠠᠭᠳᠠᠭᠰᠠᠨ ᠬᠢᠷᠢ ᠪᠥᠲᠦᠮᠵᠢ ᠣᠯᠣᠭᠰᠠᠨ ᠪᠣᠯ ᠥᠪᠥᠷ ᠮᠣᠩᠭᠤᠯ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠠᠴᠠ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠰᠢᠯᠭᠠᠯᠲᠠ ᠶᠢᠨ ᠬᠢᠷᠢ ᠪᠥᠲᠦᠮᠵᠢ ᠶᠢᠨ ᠭᠡᠷᠡᠴᠢ ᠶᠢ ᠣᠯᠭᠤᠨ᠎ᠠ᠃ ᠰᠢᠯᠭᠠᠯᠲᠠ ᠶᠢᠨ ᠬᠢᠷᠢ ᠪᠥᠲᠦᠮᠵᠢ ᠶᠢᠨ ᠭᠡᠷᠡᠴᠢ ᠶᠢ ᠪᠠᠭᠤᠯᠭᠠᠭᠰᠠᠨ ᠡᠳᠦᠷ ᠠᠴᠠ ᠡᠬᠢᠯᠡᠨ ᠨᠢᠭᠡ ᠵᠢᠯ ᠤᠨ ᠲᠣᠲᠣᠷ᠎ᠠ ᠬᠦᠴᠦᠨ ᠲᠠᠢ᠂ ᠬᠦᠴᠦᠨ ᠲᠠᠢ ᠬᠤᠭᠤᠴᠠᠭᠠᠨ ᠳᠤ ᠴᠦᠮ ᠦᠨᠡᠮᠯᠡᠯ ᠣᠯᠬᠤ ᠭᠤᠶᠤᠴᠢᠯᠠᠯ ᠢᠶᠠᠨ ᠳᠣᠷᠠᠳᠴᠤ ᠪᠣᠯᠣᠨ᠎ᠠ᠃      ᠭᠤᠷᠪᠠᠳᠤᠭᠠᠷ ᠪᠥᠯᠥᠭ ᠬᠢᠷᠢ ᠬᠡᠮ ᠤᠨ ᠦᠨᠡᠮᠯᠡᠯ ᠤᠨ ᠣᠨ ᠤ ᠪᠠᠶᠢᠴᠠᠭᠠᠯᠲᠠ    ᠠᠷᠪᠠᠨ ᠨᠢᠭᠡᠳᠦᠭᠡᠷ ᠵᠦᠢᠯ  ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠦᠨᠡᠮᠯᠡᠯ ᠢ ᠣᠯᠭᠤᠭᠰᠠᠨ ᠡᠳᠦᠷ ᠠᠴᠠ ᠡᠬᠢᠯᠡᠨ ᠵᠢᠯ ᠪᠦᠷᠢ ᠨᠢᠭᠡ ᠤᠳᠠᠭ᠎ᠠ ᠶᠢᠨ ᠣᠨ ᠤ ᠪᠠᠶᠢᠴᠠᠭᠠᠯᠲᠠ ᠬᠢᠨ᠎ᠡ᠃ ᠦᠨᠡᠮᠯᠡᠯ ᠭᠠᠷᠳᠠᠭᠴᠢ ᠬᠢᠷᠢ ᠪᠥᠲᠦᠮᠵᠢ ᠶᠢᠨ ᠭᠡᠷᠡᠴᠢ ᠶᠢᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨᠡᠬᠢ 30 ᠡᠳᠦᠷ ᠠᠴᠠ ᠬᠦᠴᠦᠨ ᠲᠠᠢ ᠬᠤᠭᠤᠴᠠᠭ᠎ᠠ ᠳᠦᠭᠦᠷᠥᠭᠰᠡᠨ ᠤ ᠳᠠᠷᠠᠭᠠᠬᠢ 30 ᠡᠳᠦᠷ ᠤᠨ ᠲᠣᠲᠣᠷ᠎ᠠ᠂ ᠲᠣᠬᠠᠢ ᠶᠢᠨ ᠭᠠᠵᠠᠷ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠯᠡᠭᠡ ᠶᠢᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠳᠤ ᠣᠨ ᠤ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃ ᠲᠣᠭᠲᠠᠭᠰᠠᠨ ᠬᠤᠭᠤᠴᠠᠭᠠᠨ ᠲᠣᠲᠣᠷ᠎ᠠ ᠣᠨ ᠤ ᠪᠠᠶᠢᠴᠠᠭᠠᠯᠲᠠ ᠬᠢᠯᠭᠡᠬᠦ ᠶᠢ ᠬᠤᠭᠤᠴᠠᠭ᠎ᠠ ᠶᠣᠰᠤᠭᠠᠷ ᠭᠤᠶᠤᠴᠢᠯᠠᠭᠰᠠᠨ ᠦᠭᠡᠢ ᠪᠣᠶᠤ ᠣᠨ ᠤ ᠪᠠᠶᠢᠴᠠᠭᠠᠯᠲᠠ ᠳᠤ ᠪᠠᠲᠤᠯᠠᠭᠳᠠᠭᠰᠠᠨ ᠦᠭᠡᠢ ᠪᠣᠯ ᠬᠢᠷᠢ ᠬᠡᠮ ᠤᠨ ᠦᠨᠡᠮᠯᠡᠯ ᠨᠢ ᠠᠶᠠᠨᠳᠠᠭᠠᠨ ᠬᠦᠴᠦᠨ ᠦᠭᠡᠢ ᠪᠣᠯᠣᠨ᠎ᠠ᠃     ᠠᠷᠪᠠᠨ ᠬᠤᠶᠠᠳᠤᠭᠠᠷ ᠵᠦᠢᠯ   ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠦᠨᠡᠮᠯᠡᠯ ᠤᠨ ᠣᠨ ᠤ ᠪᠠᠶᠢᠴᠠᠭᠠᠯᠲᠠ ᠶᠢᠨ ᠭᠠᠷᠲᠠᠮ ᠢ ᠭᠦᠢᠴᠡᠳᠬᠡᠬᠦ ᠳᠤ ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠦᠯᠬᠦ ᠬᠡᠷᠡᠭᠲᠡᠢ᠄     ︵ᠨᠢᠭᠡ︶ ᠤᠯᠤᠰ ᠤᠨ ᠬᠠᠦᠯᠢ ᠴᠠᠭᠠᠵᠠ᠂ ᠬᠠᠦᠯᠢ ᠲᠣᠭᠲᠠᠭᠠᠯ ᠪᠣᠯᠣᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠢ︔        ︵ᠬᠤᠶᠠᠷ︶ ᠡᠷᠬᠢᠯᠡᠭᠰᠡᠨ ᠠᠵᠢᠯ ᠤᠨ ᠰᠠᠶᠢᠨ ᠰᠠᠶᠢᠬᠠᠨ ᠵᠠᠩ ᠰᠤᠷᠲᠠᠯ ᠲᠠᠢ ᠪᠠᠶᠢᠵᠦ᠂ ᠠᠵᠢᠯᠯᠠᠵᠦ ᠪᠠᠶᠢᠬᠤ ᠬᠤᠭᠤᠴᠠᠭᠠᠨ ᠳᠤ ᠤᠯᠤᠰ ᠤᠨ ᠠᠰᠢᠭ ᠲᠣᠰᠡ᠂ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠣᠰᠡ᠂ ᠦᠢᠯᠡᠴᠢᠯᠡᠭᠡ ᠬᠦᠯᠢᠶᠡᠭᠴᠢ ᠶᠢᠨ ᠠᠰᠢᠭ ᠲᠣᠰᠡ ᠪᠠ ᠠᠵᠢᠯ ᠲᠥᠷᠥᠯ ᠤᠨ ᠠᠰᠢᠭ ᠲᠣᠰᠡ ᠶᠢ ᠬᠤᠬᠢᠷᠠᠭᠤᠯᠬᠤ ᠬᠠᠦᠯᠢ ᠶᠢ ᠵᠦᠷᠢᠴᠡᠵᠦ ᠲᠣᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠦᠭᠡᠢ ᠪᠠᠶᠢᠬᠤ ᠬᠡᠷᠡᠭᠲᠡᠢ︔      ︵ᠭᠤᠷᠪᠡ︶ ᠲᠣᠭᠲᠠᠭᠠᠭᠰᠠᠨ ᠬᠢᠴᠢᠶᠡᠯᠯᠡᠬᠦ ᠴᠠᠭ ᠤᠨ ᠣᠨ ᠤ ᠥᠷᠭᠦᠯᠵᠢᠯᠡᠨ ᠬᠥᠮᠦᠵᠢᠭᠦᠯᠬᠦ ᠶᠢ ᠪᠡᠶᠡᠯᠡᠭᠦᠯᠬᠦ ᠬᠡᠷᠡᠭᠲᠡᠢ︔     ︵ᠳᠥᠷᠪᠡ︶ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠪᠣᠯᠣᠨ ᠥᠪᠥᠷ ᠮᠣᠩᠭᠤᠯ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠤᠨ ᠪᠣᠰᠤᠳ ᠲᠣᠭᠲᠠᠭᠠᠯ ᠢ ᠵᠢᠷᠤᠮᠯᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠬᠢᠷᠢ ᠬᠡᠮ ᠤᠨ ᠦᠨᠡᠮᠯᠡᠯ ᠤᠨ ᠣᠨ ᠤ ᠥᠷᠭᠦᠯᠵᠢᠯᠡᠨ ᠬᠥᠮᠦᠵᠢᠭᠦᠯᠬᠦ ᠪᠣᠯ ᠥᠪᠥᠷ ᠮᠣᠩᠭᠤᠯ ᠤᠨ ᠪᠠᠭ᠎ᠠ ᠲᠣᠭᠠᠨ ᠤ ᠢᠲᠡᠬᠡᠮᠵᠢ ᠶᠢᠨ ᠵᠢᠭᠡᠯᠡᠯᠭᠡ ᠶᠢᠨ ᠨᠡᠶᠢᠭᠡᠮᠯᠢᠭ ᠠᠴᠠ ᠵᠣᠬᠢᠶᠠᠨ ᠪᠠᠶᠢᠭᠤᠯᠤᠭᠰᠠᠨ ᠪᠣᠶᠤ ᠮᠡᠳᠡᠷᠡᠭᠰᠡᠨ ᠬᠠᠮᠢᠶ᠎ᠠ ᠪᠥᠬᠦᠢ ᠪᠣᠯᠪᠠᠰᠤᠷᠠᠭᠤᠯᠤᠯ ᠪᠣᠯᠤᠨ᠎ᠠ᠂ ᠣᠨ ᠤ ᠥᠷᠭᠦᠯᠵᠢᠯᠡᠨ ᠬᠥᠮᠦᠵᠢᠭᠦᠯᠬᠦ ᠶᠢᠨ ᠠᠭᠤᠯᠭ᠎ᠠ ᠪᠠ ᠱᠠᠭᠠᠷᠳᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠥᠪᠥᠷ ᠮᠣᠩᠭᠤᠯ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠲᠤ ᠡᠷᠬᠡ ᠣᠯᠭᠤᠵᠦ ᠠᠰ ᠲᠤᠨᠢ ᠲᠣᠭᠲᠠᠭᠠᠯᠭᠠᠨ᠎ᠠ᠃     ᠠᠷᠪᠠᠨ ᠳᠥᠷᠪᠡᠳᠦᠭᠡᠷ ᠵᠦᠢᠯ  ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠦᠨᠡᠮᠯᠡᠯ ᠤᠨ ᠳᠠᠩᠰᠠᠯᠠᠭᠤᠯᠬᠤ ᠵᠦᠢᠯ ᠳᠤ ᠬᠤᠪᠢᠷᠠᠯᠲᠠ ᠭᠠᠷᠤᠭᠰᠠᠨ ᠪᠠᠯ ᠦᠨᠡᠮᠯᠡᠯ ᠭᠠᠷᠳᠠᠭᠴᠢ ᠬᠤᠪᠢᠷᠠᠯᠲᠠ ᠲᠠᠢ ᠪᠣᠯᠣᠭᠰᠠᠨ ᠵᠦᠢᠯ ᠤᠨ ᠭᠡᠷᠡᠴᠢᠯᠡᠬᠦ ᠮᠠᠲ᠋ᠧᠷᠢᠶᠠᠯ ᠪᠠ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠤᠭ ᠬᠢᠷᠢ ᠬᠡᠮ ᠤᠨ ᠦᠨᠡᠮᠯᠡᠯ ᠢᠶᠠᠨ ᠠᠪᠤᠭᠠᠳ ᠲᠤᠬᠠᠢ ᠶᠢᠨ ᠭᠠᠵᠠᠷ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠲᠤ ᠬᠠᠮᠢᠶ᠎ᠡ ᠪᠥᠬᠦᠢ ᠬᠤᠪᠢᠷᠠᠭᠠᠬᠤ ᠭᠠᠷᠲᠠᠮ ᠢ ᠭᠤᠶᠤᠴᠢᠯᠠᠨ ᠭᠦᠢᠴᠡᠳᠬᠡᠨ᠎ᠡ᠃     ᠠᠷᠪᠠᠨ ᠲᠠᠪᠤᠳᠤᠭᠠᠷ ᠵᠦᠢᠯ  ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠦᠨᠡᠮᠯᠡᠯ ᠡᠪᠳᠡᠭᠳᠡᠭᠡᠳ ᠬᠡᠷᠡᠭᠯᠡᠬᠦ ᠶᠢ ᠨᠥᠯᠦᠭᠡᠯᠡᠵᠦ ᠪᠠᠶᠢᠪᠠᠯ ᠦᠨᠡᠮᠯᠡᠯ ᠭᠠᠷᠳᠠᠭᠴᠢ ᠠᠴᠠ ᠲᠣᠬᠠᠢ ᠶᠢᠨ ᠭᠠᠵᠠᠷ ᠤᠨ ᠪᠠᠭ᠎ᠠ ᠲᠣᠭᠠᠨ ᠤ ᠢᠲᠡᠬᠡᠮᠵᠢ ᠶᠢᠨ ᠵᠢᠭᠡᠯᠡᠯᠭᠡ ᠶᠢᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠲᠤ ᠭᠤᠶᠤᠴᠢᠯᠠᠭᠠᠳ ᠰᠣᠯᠢᠵᠤ ᠪᠣᠯᠬᠤ ᠶᠢᠨ ᠬᠠᠮᠲᠤ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠤᠤᠯ ᠤᠨ ᠦᠨᠡᠮᠯᠡᠯ ᠢᠶᠠᠨ ᠲᠣᠰᠢᠶᠠᠬᠤ ᠬᠡᠷᠡᠭᠲᠡᠢ᠃     ᠠᠷᠪᠠᠨ ᠵᠢᠷᠭᠤᠳᠤᠭᠠᠷ ᠵᠦᠢᠯ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠬᠢᠷᠢ ᠬᠡᠮ ᠤᠨ ᠦᠨᠡᠮᠯᠡᠯ ᠢᠶᠠᠨ ᠬᠡᠬᠡᠭᠰᠡᠨ ᠪᠣᠯ ᠦᠨᠡᠮᠯᠡᠯ ᠭᠠᠷᠳᠠᠭᠴᠢ ᠠᠴᠠ ᠲᠣᠬᠠᠢ ᠶᠢᠨ ᠭᠠᠵᠠᠷ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠲᠤ ᠭᠤᠶᠤᠴᠢᠯᠠᠭᠠᠳ ᠨᠥᠬᠦᠵᠦ ᠠᠪᠴᠦ ᠪᠣᠯᠬᠤ ᠶᠢᠨ ᠬᠠᠮᠲᠤ ᠭᠠᠷ ᠤᠨ ᠦᠰᠦᠭ ᠵᠢᠷᠤᠭᠰᠠᠨ ᠭᠡᠭᠡᠭᠰᠡᠨ ᠢᠯᠡᠷᠭᠡᠶᠢᠯᠡᠯᠲᠡ ᠲᠣᠰᠢᠶᠠᠬᠤ ᠬᠡᠷᠡᠭᠲᠡᠢ᠃        ᠳᠥᠷᠪᠡᠳᠦᠭᠡᠷ ᠪᠥᠯᠥᠭ   ᠲᠣᠷᠭᠠᠬᠤ ᠳᠦᠷᠢᠮ       ᠠᠷᠪᠠᠨ ᠳᠣᠯᠣᠳᠤᠭᠠᠷ ᠵᠦᠢᠯ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠬᠢᠷᠢ ᠬᠡᠮ ᠤᠨ ᠰᠢᠯᠭᠠᠯᠲᠠ ᠳᠤ ᠣᠷᠣᠯᠴᠠᠭᠰᠠᠨ ᠠᠵᠢᠯᠯᠠᠭᠴᠢᠳ ᠰᠢᠯᠭᠠᠯᠲᠠ ᠶᠢᠨ ᠳᠦᠷᠢᠮ ᠪᠠ ᠰᠢᠯᠭᠠᠯᠲᠠ ᠶᠢᠨ ᠰᠠᠬᠢᠯᠭ᠎ᠠ ᠪᠠᠲᠤ ᠶᠢ ᠵᠦᠷᠢᠴᠡᠨ᠂ ᠬᠡᠮ ᠬᠦᠭᠰᠡᠨ᠂ ᠰᠢᠯᠭᠠᠯᠲᠠ ᠶᠢᠨ ᠲᠠᠯᠠᠪᠠᠢ ᠶᠢᠨ ᠡᠮᠬᠢ ᠲᠢᠭᠯᠢᠮ ᠢ ᠰᠠᠮᠠᠭᠤᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠲᠠᠢ ᠪᠣᠯ ᠥᠷᠭᠦᠯᠵᠢᠯᠡᠨ ᠰᠢᠯᠭᠠᠯᠲᠠ ᠳᠤ ᠣᠷᠣᠯᠴᠠᠬᠤ ᠬᠢᠷᠢ ᠬᠡᠮ ᠢ ᠨᠢ ᠬᠠᠰᠤᠵᠦ᠂ ᠰᠢᠯᠭᠠᠯᠲᠠ ᠶᠢᠨ ᠬᠢᠷᠢ ᠬᠡᠮᠵᠢᠶ᠎ᠡ ᠨᠢ ᠬᠦᠴᠦᠨ ᠦᠭᠡᠢ ᠪᠣᠯᠭᠠᠨ᠎ᠠ᠂ ᠲᠤᠰ ᠭᠤᠶᠣᠴᠢᠯᠠᠭᠴᠢ ᠬᠤᠶᠠᠷ ᠵᠢᠯ ᠤᠨ ᠲᠣᠲᠣᠷ᠎ᠠ ᠠᠵᠢᠯᠯᠠᠬᠤ ᠬᠢᠷᠢ ᠬᠡᠮ ᠤᠨ ᠰᠢᠯᠭᠠᠯᠲᠠ ᠳᠤ ᠣᠷᠣᠯᠴᠠᠵᠣ ᠪᠣᠯᠬᠤ ᠦᠭᠡᠢ᠃     ᠠᠷᠪᠠᠨ ᠨᠠᠶᠢᠮᠠᠳᠤᠭᠠᠷ ᠵᠦᠢᠯ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠣ ᠬᠢᠷᠢ ᠬᠡᠮ ᠤᠨ ᠦᠨᠡᠮᠯᠡᠯ ᠣᠯᠣᠭᠰᠠᠨ ᠠᠵᠢᠯᠯᠠᠭᠴᠢᠳ ᠤᠨ ᠬᠢᠷᠢ ᠬᠡᠮ ᠤᠨ ᠦᠨᠡᠮᠯᠡᠯ ᠢᠶᠠᠨ ᠬᠦᠴᠦᠨ ᠦᠭᠡᠢ ᠪᠣᠯᠭᠠᠭᠳᠠᠭᠰᠠᠨ ᠪᠣᠯ ᠭᠤᠷᠪᠠᠨ ᠵᠢᠯ ᠤᠨ ᠲᠣᠲᠣᠷ᠎ᠠ ᠠᠵᠢᠯᠯᠠᠬᠤ ᠬᠢᠷᠢ ᠬᠡᠮ ᠤᠨ ᠰᠢᠯᠭᠠᠯᠲᠠ ᠳᠤ ᠣᠷᠣᠯᠴᠠᠵᠤ ᠪᠣᠯᠬᠤ ᠦᠭᠡᠢ᠃     ᠠᠷᠪᠠ ᠶᠢᠰᠤᠳᠤᠭᠡᠷ ᠵᠦᠢᠯ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠯᠤᠰ ᠤᠨ ᠬᠤᠯᠪᠤᠭᠳᠠᠯ ᠪᠥᠬᠦᠢ ᠬᠠᠦᠯᠢ ᠴᠠᠭᠠᠵᠠ᠂ ᠬᠠᠦᠯᠢ ᠲᠣᠭᠲᠠᠭᠠᠯ ᠪᠣᠯᠣᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠲᠣᠭᠲᠠᠭᠠᠯ ᠢ ᠵᠦᠷᠢᠴᠡᠭᠰᠡᠨ ᠪᠣᠯ ᠦᠢᠯᠡ ᠠᠵᠢᠯᠯᠠᠭ᠎ᠠ ᠶᠢᠨ ᠬᠡᠮᠵᠢᠶ᠎ᠡ ᠶᠢ ᠨᠢ ᠦᠨᠳᠦᠰᠦᠯᠡᠨ ᠠᠵᠢᠯᠯᠠᠬᠤ ᠬᠢᠷᠢ ᠬᠡᠮ ᠤᠨ ᠦᠨᠡᠮᠯᠡᠯ ᠢ ᠨᠢ ᠬᠤᠷᠢᠶᠠᠵᠦ ᠠᠪᠴᠤ ᠬᠦᠴᠦᠨ ᠦᠭᠡᠢ ᠪᠣᠯᠭᠠᠬᠤ ᠶᠢᠨ ᠬᠠᠮᠲᠤ ᠲᠡᠭᠦᠨ ᠢ ᠵᠣᠬᠢᠬᠤ ᠬᠤᠭᠤᠴᠠᠭ᠎ᠠ ᠠᠴᠠ ᠠᠪᠤᠭᠠᠳ ᠨᠠᠰᠣᠨ ᠲᠤᠷᠰᠢ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯ ᠲᠥᠷᠥᠯ ᠳᠤ ᠣᠷᠣᠬᠤ ᠶᠢ ᠴᠠᠭᠠᠵᠠᠯᠠᠨ᠎ᠠ᠃     ᠲᠠᠪᠤᠳᠤᠭᠠᠷ ᠪᠥᠯᠥᠭ  ᠳᠠᠭᠠᠯᠳᠤᠭᠤᠯᠤᠯ ᠳᠦᠷᠢᠮ     ᠬᠤᠷᠢᠳᠤᠭᠠᠷ ᠵᠦᠢᠯ ᠲᠤᠰ ᠠᠷᠭ᠎ᠠ ᠶᠢ ᠨᠡᠶᠢᠲᠡᠯᠡᠬᠦ ᠠᠴᠠ ᠡᠮᠦᠨ᠎ᠡ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯ ᠢ ᠡᠷᠬᠢᠯᠡᠨ ᠬᠢᠭᠰᠡᠨ ᠠᠵᠢᠯᠯᠠᠭᠴᠢᠳ ᠪᠣᠯ ᠲᠣᠭᠲᠠᠭᠠᠯ ᠶᠣᠰᠤᠭᠠᠷ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠬᠤ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠬᠡᠷᠡᠭᠲᠡᠢ ᠪᠦᠭᠡᠳ ᠰᠢᠯᠭᠠᠭᠤᠯᠤᠭᠠᠳ ᠲᠡᠩᠴᠡᠬᠦ ᠶᠢᠨ ᠬᠠᠮᠲᠤ ᠬᠢᠷᠢ ᠬᠡᠮ ᠤᠨ ᠦᠨᠡᠮᠯᠡᠯ ᠤᠯᠤᠭᠰᠠᠨ ᠤ ᠳᠠᠷᠠᠭ᠎ᠠ ᠰᠠᠶ᠋ᠢ ᠬᠠᠮᠢᠶ᠎ᠡ ᠪᠥᠬᠦᠢ ᠠᠵᠢᠯ ᠢ ᠥᠷᠭᠦᠯᠵᠢᠯᠡᠨ ᠬᠢᠵᠦ ᠪᠣᠯᠣᠨ᠎ᠠ᠃     ᠬᠤᠷᠢᠨ ᠨᠢᠭᠡᠳᠦᠭᠡᠷ ᠵᠦᠢᠯ ᠥᠪᠥᠷ ᠮᠣᠩᠭᠤᠯ ᠤᠨ ᠪᠠᠭ᠎ᠠ ᠲᠣᠭᠠᠨ ᠤ ᠢᠲᠡᠬᠡᠮᠵᠢᠲᠦ ᠵᠢᠭᠡᠯᠡᠯᠭᠡ ᠶᠢᠨ ᠨᠡᠶᠢᠭᠡᠮᠯᠢᠭ ᠲᠣᠰ ᠠᠷᠭ᠎ᠠ ᠶᠢ ᠦᠨᠳᠥᠰᠥᠯᠡᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠠᠵᠢᠯᠯᠠᠭᠴᠢᠳ ᠤᠨ ᠪᠣᠲᠠᠲᠠᠢ ᠬᠠᠮᠢᠶᠠᠷᠤᠯᠲᠠ ᠶᠢᠨ ᠠᠷᠭ᠎ᠠ ᠲᠣᠭᠲᠠᠭᠠᠵᠦ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠲᠤ ᠮᠡᠳᠡᠭᠦᠯᠦᠭᠡᠳ ᠬᠢᠨᠠᠨ ᠵᠦᠪᠰᠢᠶᠡᠷᠡᠭᠦᠯᠵᠦ ᠪᠣᠯᠤᠨ᠎ᠠ᠃      ᠬᠤᠷᠢᠨ ᠬᠤᠶᠠᠳᠤᠭᠠᠷ ᠵᠦᠢᠯ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠣᠷᠢᠯᠠᠨ᠎ᠠ᠃      ᠬᠤᠷᠢᠨ ᠭᠤᠷᠪᠠᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1